ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠣᠯ ᠤᠨ ᠮᠤᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ 1 ᠰᠠᠷ᠎ᠠ ᠶᠢᠨ 27 ᠤ ᠡᠳᠦᠷ ᠶᠠᠪᠤᠬᠳᠠᠨ᠎ᠠ
ᠨᠡᠶᠢᠲᠡᠯᠡᠭᠰᠡᠨ ᠴᠠᠭ᠄
2024/1/23
     1 ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠰᠶᠢᠳᠪᠦᠷᠢᠲᠦ ᠤᠷᠤᠯᠳᠤᠭᠠᠨ ᠢ 1 ᠰᠠᠷ᠎ᠠ ᠶᠢᠨ 27 ᠤ ᠡᠳᠦᠷ ᠰᠢᠯᠢ ᠶᠢᠨ ᠬᠤᠳᠠ ᠶᠢᠨ ᠤᠯᠠᠮᠵᠢᠯᠠᠯᠲᠤ ᠨᠠᠭᠠᠳᠤᠮ ᠤᠨ ᠬᠤᠷᠠᠯ ᠤᠨ ᠲᠠᠯᠠᠪᠠᠶ ︵ᠮᠤᠳᠤᠨ ᠮᠠᠯᠵᠢᠯ ᠤᠨ ᠲᠠᠯᠠᠪᠠᠢ︶ ᠳᠤ ᠶᠠᠪᠤᠭᠳᠠᠭᠤᠯᠵᠤ᠂ 30 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ᠂ 6000  ᠮᠧᠲᠷ ᠤᠨ ᠭᠦᠴᠦᠨ ᠵᠠᠯᠭᠠᠬᠤ ᠤᠷᠤᠯᠳᠤᠭᠠᠨ ᠵᠡᠷᠭᠡ 2 ᠲᠦᠷᠦᠯ ᠤᠨ ᠤᠷᠤᠯᠳᠤᠭᠠᠨ ᠤ ᠠᠵᠢᠯᠯᠠᠭ᠎ᠠ ᠪᠠ ᠴᠠᠰᠤᠲᠤ ᠲᠠᠯ᠎ᠠ ᠳᠤ ᠱᠠᠭ᠎ᠠ ᠲᠤᠭᠯᠠᠬᠤ᠂ ᠴᠠᠰᠤᠲᠤ ᠲᠠᠯ᠎ᠠ ᠳᠤ ᠡᠷᠳᠡᠨᠢ ᠬᠠᠶᠢᠬᠤ ᠵᠡᠷᠭᠡ 6 ᠵᠦᠢᠯ ᠤᠨ ᠰᠣᠨᠢᠷᠬᠠᠯᠲᠤ ᠠᠵᠢᠯᠯᠠᠭ᠎ᠠ ᠶᠢ ᠶᠠᠪᠤᠭᠳᠠᠭᠤᠯᠤᠨ᠎ᠠ᠃      ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠡᠬᠢᠯᠡᠭᠰᠡᠨ ᠠᠴᠠ ᠨᠠᠭᠠᠰᠢ᠂ ᠨᠢᠭᠡᠨᠲᠡ 135 ᠲᠠᠯᠠᠪᠤᠷ ᠶᠠᠪᠤᠬᠳᠠᠵᠦ᠂ ᠲᠤᠬᠠᠢ ᠶᠢᠨ ᠭᠠᠵᠠᠷ ᠤᠨ 1 ᠲᠦᠮᠡ ᠭᠠᠷᠤᠢ ᠤᠨᠤᠭᠠᠴᠢ ᠤᠷᠤᠯᠳᠤᠭᠠᠨ ᠳᠤ ᠣᠷᠣᠯᠴᠡᠪᠡ᠃ ᠤᠷᠤᠯᠳᠤᠭᠠᠨ ᠤ ᠠᠵᠢᠯᠯᠠᠭ᠎ᠠ ᠳᠤ ︽ᠬᠠᠯᠠᠭᠤᠨ ᠲᠣᠭᠤᠭ᠎ᠠ︾ ᠶᠢᠨ ᠦᠪᠡᠳᠡᠭᠰᠢ ᠲᠠᠶᠢᠯᠠᠯᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ  ᠦᠵᠡᠭᠦᠯᠭᠡ  ᠵᠡᠷᠭᠡ  10  ᠭᠠᠷᠤᠢ  ᠵᠦᠢᠯ ᠤᠨ ᠵᠢᠭᠤᠯᠴᠢᠯᠠᠯ ᠤᠨ ᠠᠵᠢᠯᠯᠠᠭ᠎ᠠ ᠶᠠᠪᠤᠬᠳᠠᠭᠤᠯᠵᠦ᠂ 10 ᠲᠦᠮᠡᠨ ᠬᠥᠮᠥᠨ ᠤᠳᠠᠭ᠎ᠠ ᠵᠢᠭᠤᠯᠴᠢᠯᠠᠭᠰᠠᠳ ᠤᠨ ᠠᠩᠬᠠᠷᠤᠯ ᠢ ᠲᠠᠳᠠᠵᠠᠢ᠃      ᠲᠠᠨᠢᠯᠴᠠᠭᠤᠯᠤᠭᠰᠠᠨ ᠢᠶᠠᠷ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠦᠨᠳᠦᠷᠯᠡᠭᠰᠡᠨ ᠤ ᠳᠠᠷᠠᠭ᠎ᠠ᠂ 2024 ᠣᠨ ᠤ ᠬᠠᠪᠤᠷ᠂ ᠵᠤᠨ᠂ ᠨᠠᠮᠤᠷ ᠤᠨ ᠤᠯᠠᠷᠢᠯ ᠤᠨ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠢ ᠡᠷᠭᠢᠯᠡᠬᠦ ᠵᠦᠢᠯᠡᠰ ᠢ ᠳᠠᠷᠦ᠋ᠢᠬᠠᠨ ᠲᠦᠯᠦᠪᠵᠢᠭᠦᠯᠵᠦ ᠡᠬᠢᠯᠡᠭᠦᠯᠦᠨ᠎ᠡ᠃ ᠲᠤᠬᠠᠢ ᠶᠢᠨ ᠦᠶ᠎ᠡ ᠳᠤ᠂ ᠤᠷᠤᠯᠳᠤᠭᠠᠨ ᠤ ᠲᠥᠷᠥᠯ ᠵᠦᠢᠯ ᠪᠥᠬᠦ ᠲᠠᠯ᠎ᠠ ᠪᠠᠷ ᠪᠠᠶᠠᠯᠢᠭᠵᠢᠵᠤ᠂ 30 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ᠂ 6000 ᠮᠧᠲᠷ ᠤᠨ ᠭᠦᠴᠦᠨ ᠵᠠᠯᠭᠠᠬᠤ ᠤᠷᠤᠯᠳᠤᠭᠠᠨ ᠤ ᠰᠠᠭᠤᠷᠢᠨ ᠳᠡᠭᠡᠷ᠎ᠡ ᠮᠣᠷᠢ ᠤᠷᠭᠠᠯᠠᠬᠤ᠂ ᠡᠮᠨᠢᠭ ᠰᠤᠷᠭᠠᠬᠤ ᠵᠡᠷᠭᠡ ᠴᠣ ᠰᠢᠨ᠎ᠡ ᠤᠷᠤᠯᠳᠤᠭᠠᠨ ᠤ ᠲᠥᠷᠥᠯ ᠵᠦᠢᠯ ᠢ ᠨᠡᠮᠡᠨ᠎ᠡ︔ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠪᠦᠬᠦ ᠲᠠᠯ᠎ᠠ ᠪᠠᠷ ᠪᠠᠶᠠᠯᠢᠭᠵᠢᠭᠤᠯᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠢ ᠤᠯᠠᠷᠢᠯ ᠤᠨ ᠴᠢᠨᠠᠷᠲᠠᠢ ᠵᠢᠭᠤᠯᠴᠢᠯᠠᠯ ᠤᠨ ᠡᠬᠢ ᠪᠠᠶᠠᠯᠢᠭ ᠲᠠᠢ ᠭᠦᠨᠵᠡᠭᠡᠢ ᠤᠶᠠᠯᠳᠤᠭᠤᠯᠦᠨ᠂ ᠲᠤᠰ ᠤᠯᠠᠷᠢᠯ ᠤᠨ ᠪᠡᠶᠡᠴᠢᠯᠡᠨ ᠣᠶᠢᠯᠠᠭᠠᠬᠤ ᠳᠤ ᠲᠣᠬᠢᠷᠠᠬᠤ ᠡᠵᠡᠩᠨᠡᠯᠲᠡ ᠶᠢᠨ ᠬᠡᠯᠪᠡᠷᠢ ᠶᠢᠨ ᠲᠦᠷᠦᠯ ᠵᠦᠢᠯ ᠢ ᠶᠡᠬᠡᠪᠡᠷ ᠨᠡᠭᠡᠭᠡᠨ ᠬᠥᠭᠵᠢᠭᠦᠯᠤᠨ᠎ᠠ᠂ ᠵᠢᠱᠢᠶᠡᠯᠡᠪᠡᠯ ᠲᠠᠯ᠎ᠠ ᠨᠤᠲᠤᠭ ᠲᠤ ᠬᠡᠭᠡᠷ᠎ᠡ ᠪᠠᠭᠤᠳᠠᠯᠯᠠᠬᠤ᠂ ᠲᠠᠯ᠎ᠠ ᠨᠤᠲᠤᠭ ᠤᠨ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠭᠦ ᠲᠦᠷᠦᠯ ᠵᠦᠢᠯ ᠢ ᠶᠡᠬᠡᠪᠡᠷ ᠨᠡᠭᠡᠭᠡᠨ ᠬᠥᠭᠵᠢᠭᠦᠯᠵᠦ᠂ ᠥᠷᠭᠡᠨ ᠤᠯᠠᠨ ᠵᠢᠭᠤᠯᠴᠢᠯᠠᠭᠴᠢ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠳᠠᠰᠤᠷᠠᠯᠳᠠ ᠦᠭᠡᠢ ᠨᠡᠮᠡᠭᠳᠡᠭᠦᠯᠦᠨ᠎ᠠ᠃ ᠡᠭᠦᠨ ᠤ ᠬᠠᠮᠳᠦ᠂ ᠵᠢᠭᠤᠯᠴᠢᠯᠠᠭᠰᠠᠳ ᠤᠨ ᠵᠣᠭᠰᠣᠴᠠ ᠠᠴᠠ ᠠᠯᠢ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠦᠷᠭᠦᠯᠵᠢᠯᠡᠨ ᠭᠠᠷᠭᠠᠵᠤ᠂ ᠰᠦᠢᠳᠬᠡᠯ ᠥᠯᠥ ᠬᠤᠷᠢᠶᠠᠬᠤ ᠡᠭᠦᠳᠡᠨ ᠪᠢᠯᠧᠲ᠂ ᠺᠠᠷᠲ ᠤᠨ ᠢᠵᠢ ᠪᠦᠷᠢᠳᠦᠭᠰᠡᠨ ᠦᠢᠯᠡᠴᠢᠯᠡᠭᠡ᠂ ᠣᠷᠣᠨ ᠪᠦᠰᠡ  ᠶᠢᠨ ᠢᠵᠢ ᠪᠦᠷᠢᠳᠦᠭᠰᠡᠨ ᠪᠢᠯᠧᠲ ᠵᠡᠷᠭᠡ ᠲᠣᠮᠣ ᠪᠡᠯᠡᠭ ᠳᠤᠬᠢᠷᠠᠭᠤᠯᠵᠦ᠂ ᠥᠷᠭᠡᠨ ᠣᠯᠠᠨ ᠵᠢᠭᠤᠯᠴᠢᠯᠠᠭᠴᠢ ᠶᠢ ᠤᠯᠠᠮ ᠢᠯᠡᠭᠦᠦ ᠬᠠᠨᠤᠮᠵᠢᠳᠠᠢ ᠪᠤᠯᠭᠠᠨ᠎ᠠ᠃                                                          ᠣᠷᠴᠢᠭᠤᠯᠣᠭᠴᠢ᠄ ᠣᠶᠣᠩᠬᠤᠸᠠᠷ  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号