ᠪᠥᠬᠦ ᠠᠶᠢᠮᠠᠭ ᠤᠨ 72.13 ᠲᠦᠮᠡᠨ ᠭᠦᠮᠦᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2024/1/25
     ᠰᠤᠷᠪᠤᠯᠵᠢᠯᠠᠭᠴᠢ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠠᠶᠢᠮᠠᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠳᠤᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠤᠰ ᠲᠤᠰ 72.13 ᠲᠦᠮᠡ᠂ 15.06 ᠲᠦᠮᠡᠨ ᠬᠥᠮᠥᠨ ᠪᠠ 12.5 ᠲᠦᠮᠡᠨ ᠬᠥᠮᠥᠨ ᠳᠤ ᠬᠦᠷᠴᠡᠢ᠃      2023 ᠣᠨ ᠳᠤ ᠡᠯ᠎ᠡ ᠲᠥᠷᠥᠯ ᠤᠨ ᠬᠠᠷᠠᠭᠠᠯᠵᠠᠯ ᠭᠥᠷᠳᠡᠬᠦ ᠬᠥᠮᠥᠰ ᠲᠤ ᠨᠡᠶᠢᠲᠡ 57.76 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠥᠭᠴᠦ᠂ ᠣᠨᠴᠠ ᠬᠦᠴᠢᠷᠳᠡᠯᠲᠡᠢ ᠬᠥᠮᠥᠰ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ 272.59 ᠲᠦᠮᠡᠨ ᠲᠥᠭᠦᠷᠢᠭ ᠣᠷᠣᠯᠠᠨ ᠲᠤᠰᠢᠶᠠᠵᠤ ᠥᠭᠴᠡᠢ᠃      2023 ᠣᠨ ᠳᠤ᠂ ᠮᠠᠨ  ᠤ  ᠠᠶᠢᠮᠠᠭ  ᠳᠦᠷᠢᠮ  ᠤᠨ  ᠥᠭᠡᠷᠡᠴᠢᠯᠡᠯᠲᠡ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠪᠦᠷᠢ ᠤᠯᠭᠤᠬᠤ ᠲᠤᠷᠰᠢᠯᠲᠠ ᠶᠢᠨ ᠴᠡᠭ ᠤᠨ ᠠᠵᠢᠯ ᠢ ᠤᠷᠢᠳᠠᠪᠠᠷ ᠥᠷᠨᠢᠭᠦᠯᠵᠦ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠪᠠᠷ ᠲᠤᠷᠰᠢᠯᠲᠠ ᠶᠢᠨ ᠴᠡᠭ ᠪᠤᠯᠭᠠᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠵᠢᠯ ᠤᠨ ᠣᠷᠣᠯᠭ᠎ᠠ ᠨᠢ 50 ᠲᠦᠮᠡᠨ ᠲᠥᠭᠦᠷᠢᠭ ᠢ ᠳᠠᠪᠠᠭᠰᠠᠨ 50 ᠭᠠᠴᠠᠭ᠎ᠠ ᠶᠢ ᠳᠠᠶᠢᠴᠢᠯᠠᠨ ᠨᠥᠬᠦᠪᠦᠷᠢ ᠤᠯᠭᠤᠬᠤ ᠶᠢᠨ ᠬᠠᠮᠲᠤ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠲᠠᠢ ᠬᠦᠴᠦ ᠪᠠᠨ ᠬᠠᠮᠲᠤᠳᠬᠠᠨ ᠠᠵᠢᠯ ᠢᠶᠠᠨ ᠠᠬᠢᠭᠤᠯᠪᠠ᠃ ᠣᠳᠣᠬᠠᠨ ᠳᠤ᠂ ᠲᠤᠷᠰᠢᠯᠲᠠ ᠶᠢᠨ ᠭᠠᠵᠠᠷ ᠣᠷᠣᠨ ᠤ 18 ᠭᠠᠴᠠᠭ᠎ᠠ ᠳᠤ ᠨᠢᠭᠡᠨᠲᠡ ᠨᠥᠬᠦᠪᠦᠷᠢ ᠣᠯᠭᠤᠬᠤ ᠪᠠᠷᠢᠮᠵᠢᠶ᠎ᠠ ᠶᠢ ᠲᠣᠭᠲᠠᠭᠠᠵᠤ᠂ 3000 ᠭᠠᠷᠤᠢ ᠬᠥᠮᠥᠨ ᠳᠤ ᠬᠤᠯᠪᠣᠭᠳᠠᠵᠠᠢ᠂ ᠡᠭᠦᠨ ᠳᠤ ᠵᠡᠭᠦᠨ ᠦᠵᠦᠮᠦᠴᠢᠨ ᠬᠤᠰᠢᠭᠤᠨ ᠤ ᠰᠠᠮᠠᠢ ᠰᠤᠮᠤ ᠶᠢᠨ ᠪᠠᠶᠠᠨᠭᠦ᠋ᠭᠡᠪᠦᠷ ᠭᠠᠴᠠᠭ᠎ᠠ ᠬᠠᠮᠲᠤ ᠶᠢᠨ ᠠᠵᠤ ᠠᠬᠤᠢ ᠶᠢᠨ ᠤᠷᠤᠯᠭ᠎ᠠ ᠠᠴᠠ ᠪᠠᠨ 152 ᠬᠥᠮᠥᠨ ᠳᠤ 15200 ᠲᠥᠭᠦᠷᠢᠭ ᠤᠨ ᠨᠥᠬᠦᠪᠦᠷᠢ   ᠤᠯᠭᠤᠬᠤ ᠶᠢ ᠪᠡᠶᠡᠯᠡᠭᠦᠯᠵᠡᠢ᠃      ᠬᠢᠯᠢ ᠬᠢᠵᠠᠭᠠᠷ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠡ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠳᠠᠢ ᠭᠦᠭᠵᠢᠯᠳᠡ ᠶᠢ ᠠᠬᠢᠭᠤᠯᠬᠤ ᠶᠢᠨ ᠲᠦᠯᠦᠭᠡ᠂ ︽ᠰᠢᠯᠢ ᠶᠢᠨ ᠭᠤᠣᠯ ᠠᠶᠢᠮᠠᠭ ᠤᠨ ᠬᠢᠯᠢ ᠬᠢᠵᠠᠭᠠᠷ ᠣᠷᠣᠨ ᠤ 2023 — 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠲᠥᠯᠥᠪᠯᠡᠭᠡ︾᠎ ᠶᠢ ᠨᠡᠶᠢᠲᠡᠯᠡᠵᠦ᠂ ᠬᠢᠯᠢ ᠬᠢᠵᠠᠭᠠᠷ ᠣᠷᠣᠨ ᠤ ᠭᠤᠷᠪᠠᠨ ᠵᠢᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠬᠠᠷᠠᠯᠲᠠ ᠡᠭᠦᠷᠭᠡ ᠶᠢ ᠲᠣᠳᠣᠷᠬᠠᠶᠢᠯᠠᠨ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠵᠢᠱᠢᠶ᠎ᠡ ᠦᠵᠡᠭᠦᠯᠬᠦ ᠰᠤᠮᠤ᠂ ᠵᠢᠱᠢᠶ᠎ᠠ ᠦᠵᠡᠭᠦᠯᠭᠦ ᠭᠠᠴᠠᠭ᠎ᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠡᠪᠴᠢᠶ᠎ᠡ ᠶᠢ ᠨᠠᠷᠢᠯᠢᠭ ᠤᠨᠤᠪᠴᠢᠳᠠᠢ ᠥᠷᠭᠡᠳᠬᠡᠬᠦ ᠶᠢ ᠠᠬᠢᠭᠤᠯᠵᠤ᠂ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ ᠣᠲᠣ ᠪᠣᠯᠲᠠᠯ᠎ᠠ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠣᠰ ᠲᠣᠰ 14.31 ᠲᠦᠮᠡ ᠪᠠ 2.74 ᠲᠦᠮᠡ ᠳᠤ ᠬᠦᠷᠴᠡᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号