ᠭᠦᠸᠧ ᠢ᠄ ᠬᠡᠷᠡᠭᠯᠡᠭᠡ ᠶᠢ ᠥᠷᠭᠡᠳᠬᠡᠨ ᠭᠦᠢᠯᠭᠡᠭᠡ ᠶᠢ ᠠᠮᠢᠳᠤᠯᠢᠬᠵᠢᠭᠤᠯᠵᠦ ᠬᠤᠳᠠᠯᠳᠤᠭᠠᠨ ᠤ ᠶᠠᠪᠤᠳᠠᠯ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/1/25
     ᠣᠶᠢᠷ᠎ᠠ ᠳᠤ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ ᠳᠥᠷᠪᠡᠳᠦᠭᠡᠷ ᠤᠳᠠᠭ᠎ᠠ ︵ᠥᠷᠭᠡᠳᠬᠡᠭᠰᠡᠨ︶᠎ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠲᠠᠪᠤᠨ ᠶᠡᠭᠡ ᠡᠭᠦᠷᠭᠡ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠭᠤᠣᠯᠳᠠᠯᠭ᠎ᠠ ᠲᠠᠢ ᠬᠠᠷᠠᠯᠲᠠ ᠡᠭᠦᠷᠭᠡ ᠪᠣᠯᠣᠨ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠬᠤᠶᠢᠰᠢᠳᠠ ᠶᠢᠨ ᠨᠢᠭᠡ ᠵᠢᠯ ᠤᠨ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠣᠶᠢᠷ᠎ᠠ ᠳᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠭᠡᠷᠭᠢᠨ ᠲᠦᠷᠭᠡᠳᠬᠡᠬᠦ᠂ ᠬᠡᠷᠡᠭᠯᠡᠭᠡᠨ ᠤ ᠵᠠᠬ᠎ᠠ ᠳᠡᠯᠭᠡᠭᠦᠷ ᠢ ᠭᠡᠷᠭᠢᠨ ᠬᠥᠭᠵᠢᠭᠦᠯᠬᠦ᠂ ᠠᠷᠠᠯᠵᠢᠶᠠᠴᠢᠨ ᠤᠷᠢᠵᠦ ᠪᠡᠯᠡ ᠲᠠᠳᠠᠬᠤ ᠶᠢ ᠭᠡᠷᠭᠢᠨ ᠥᠷᠭᠡᠳᠬᠡᠬᠦ ᠵᠡᠷᠭᠡ ᠠᠵᠢᠯ ᠤᠨ ᠲᠤᠬᠠᠢ ᠰᠤᠷᠪᠤᠯᠵᠢᠯᠠᠭᠴᠢ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠭᠦᠸᠧ ᠢ ᠶᠢ ᠰᠤᠷᠪᠤᠯᠵᠢᠯᠠᠪᠠ᠃      ᠣᠶᠢᠷ᠎ᠠ ᠶᠢᠨ ᠵᠢᠯ᠂ ᠮᠠᠨ ᠤ ᠠᠶᠢᠮᠠᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠨ ᠰᠠᠶᠢᠵᠢᠷᠠᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠪᠠ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠢᠨ᠎ᠡ ᠶᠢ ᠡᠭᠦᠳᠦᠨ ᠬᠥᠭᠵᠢᠭᠦᠯᠵᠦ᠂ ᠭᠠᠳᠠᠭᠠᠳᠤ ᠠᠵᠤ ᠠᠬᠤᠢ ᠠᠷᠠᠯᠵᠢᠶᠠᠨ ᠤ ᠠᠵᠢᠯ ᠰᠢᠨ᠎ᠡ ᠦᠷ᠎ᠡ ᠪᠦᠲᠦᠮᠵᠢ ᠣᠯᠵᠤ᠂ ᠮᠠᠨ ᠤ ᠠᠶᠢᠮᠠᠭ ᠤᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠬᠦ ᠬᠦᠴᠦᠨ ᠢᠶᠠᠷ ᠪᠦᠲᠦᠭᠡᠨ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠦ᠂ ᠬᠤᠳᠠᠯᠳᠤᠭᠠᠨ ᠤ ᠶᠠᠪᠤᠳᠠᠯ ᠤᠨ ᠡᠯ᠎ᠡ ᠬᠦᠷᠢᠶᠡᠨ ᠳᠠᠬᠢ ᠠᠵᠢᠯ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠶᠠᠰᠤ ᠴᠢᠨᠠᠷ ᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠬᠤ ᠳᠤ ᠰᠠᠭᠤᠷᠢ ᠲᠠᠯᠪᠢᠵᠤ ᠥᠭᠪᠡ᠃ ᠭᠦᠸᠧ ᠢ ᠢᠯᠡᠷᠭᠡᠶᠢᠯᠡᠭᠦ ᠳᠡᠭᠡᠨ᠂ ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ ᠳᠥᠷᠪᠡᠳᠦᠭᠡᠷ ᠤᠳᠠᠭ᠎ᠠ ︵ᠥᠷᠭᠡᠳᠬᠡᠭᠰᠡᠨ︶᠎ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠨᠢ 2024 ᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠠᠬᠢᠭᠤᠯᠬᠤ ᠳᠤ ᠴᠢᠷᠮᠠᠶᠢᠬᠤ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠡ᠃ ᠪᠦᠬᠦ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠡᠳᠦ ᠴᠤᠬᠴᠠᠯᠠᠬᠤ ᠪᠠᠷ ᠭᠤᠣᠯ ᠰᠢᠵᠢᠮ ᠪᠤᠯᠭᠠᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠎ ᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠵᠦ᠂ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠎ ᠢ ᠪᠦᠬᠦ ᠬᠦᠴᠦᠨ ᠢᠶᠠᠷ ᠡᠷᠡᠮᠡᠯᠵᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠨ᠎ᠡ ᠶᠢ ᠡᠭᠦᠳᠦᠨ ᠬᠥᠭᠵᠢᠬᠦ ᠶᠢ ᠦᠷᠭᠦᠯᠵᠢᠯᠡᠨ ᠲᠦᠷᠭᠡᠳᠬᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠬᠢᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ ᠰᠢᠨ᠎ᠡ ᠶᠢ ᠡᠭᠦᠳᠦᠨ ᠥᠷᠨᠢᠭᠦᠯᠵᠦ᠂ ᠭᠠᠳᠠᠭᠠᠳᠤ ᠪᠡᠯᠡ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠢ ᠪᠠᠲᠤᠯᠠᠨ ᠶᠠᠰᠤ ᠴᠢᠨᠠᠷ ᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠣᠳᠣᠬᠢᠴᠢᠯᠠᠭᠰᠠᠨ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠳᠤ ᠬᠤᠳᠠᠯᠳᠤᠭᠠᠨ ᠤ ᠶᠠᠪᠤᠳᠠᠯ ᠤᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号