ᠯᠢ ᠯᠢ ᠪᠢᠨ᠄ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠠᠷᠠᠳ ᠤᠨ ᠠᠮᠢᠳᠤᠷᠠᠯ ᠳᠤ ᠠᠰᠢᠬ ᠬᠦᠷᠲᠡᠭᠡᠨ᠎ᠠ
ᠨᠡᠶᠢᠲᠡᠯᠡᠭᠰᠡᠨ ᠴᠠᠭ᠄
2024/1/25
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ︽ᠵᠢᠷᠭᠤᠭᠠᠨ ᠢᠨᠵᠧᠨᠧᠷᠢᠩ︾  ᠢ ᠪᠥᠬᠦ ᠬᠦᠴᠦᠨ ᠢᠶᠠᠷ ᠰᠠᠶᠢᠲᠤᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠯᠢ ᠪᠢᠨ ᠤᠶᠢᠷ᠎ᠠ ᠳᠤ ᠰᠣᠷᠪᠤᠯᠵᠢᠯᠠᠭ᠎ᠠ ᠬᠦᠯᠢᠶᠡᠬᠦ ᠳᠡᠭᠡᠨ᠂ ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ ᠳᠥᠷᠪᠡᠳᠦᠭᠡᠷ ᠤᠳᠠᠭ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ︽ᠳᠤᠯᠠᠭᠠᠯᠠᠬᠤ ᠢᠨᠵᠧᠨᠧᠷᠢᠩ︾  ᠢ ᠰᠠᠶᠢᠳᠤᠷ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ ᠭᠡᠵᠦ ᠢᠯᠡᠷᠭᠡᠶᠢᠯᠡᠵᠠᠢ᠃      ︽︿ᠳᠤᠯᠠᠭᠠᠯᠠᠬᠤ ᠢᠨᠵᠧᠨᠧᠷᠢᠩ﹀ ᠪᠣᠯ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠴᠤ ᠨᠢᠭᠡ ᠵᠦᠢᠯ ᠤᠨ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ︾᠃ ᠯᠢ ᠯᠢ ᠪᠢᠨ ᠬᠡᠯᠡᠭᠰᠡᠨ ᠨᠢ᠂ ᠮᠠᠨ ᠤ ᠠᠶᠢᠮᠠᠭ ᠳᠤᠯᠠᠭᠠᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠢᠮᠠᠭᠲᠠ ᠴᠢᠬᠤᠯᠠ ᠠᠵᠢᠯ ᠪᠣᠯᠭᠠᠨ ᠠᠳᠬᠤᠵᠤ᠂ ᠦᠷᠭᠦᠯᠵᠢᠯᠡᠨ ᠰᠠᠶᠢᠵᠢᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠠ᠂ ᠲᠦᠭ ᠲᠦᠮᠡᠨ ᠠᠶᠢᠯ ᠡᠷᠦᠬᠡ ᠶᠢᠨ ᠳᠤᠯᠠᠭᠠᠨ ᠡᠪᠦᠯᠵᠢᠬᠦ ᠶᠢ ᠪᠠᠲᠤᠯᠠᠬᠰᠠᠭᠠᠷ ᠢᠷᠡᠵᠠᠢ᠃      ᠤᠯᠠᠨ ᠲᠦᠮᠡᠨ ᠤ ᠳᠤᠯᠠᠭᠠᠯᠠᠭ᠎ᠠ ᠶᠢᠨ ᠬᠦᠰᠡᠯ ᠱᠠᠭᠠᠷᠳᠠᠯᠭ᠎ᠠ ᠶᠢ ᠲᠥᠪᠯᠡᠷᠡᠭᠦᠯᠦᠨ ᠰᠶᠢᠳᠪᠦᠷᠢᠯᠡᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮ ᠤᠲᠠᠰᠤ ᠪᠠᠷ ᠲᠤᠰᠬᠠᠬᠰᠠᠨ ᠳᠤᠯᠠᠭᠠᠯᠠᠭ᠎ᠠ ᠬᠠᠩᠭᠠᠬᠤ ᠠᠰᠠᠭᠤᠳᠠᠯ ᠢ ᠵᠣᠬᠢᠴᠠᠭᠤᠯᠤᠨ ᠰᠶᠢᠳᠪᠦᠷᠢᠯᠡᠬᠦ ᠠᠵᠢᠯ ᠤᠨ ᠲᠤᠰᠬᠠᠢ ᠠᠩᠭᠢ ᠪᠠᠶᠢᠭᠤᠯᠬᠤ ᠶᠢᠨ ᠬᠠᠮᠲᠦ ᠡᠷᠦᠬᠡ ᠳᠤ ᠬᠦᠷᠴᠦ ᠵᠢᠭᠰᠠᠭᠠᠨ ᠪᠠᠶᠢᠴᠠᠭᠠᠵᠦ᠂ ᠳᠤᠯᠠᠭᠠᠯᠠᠭ᠎ᠠ ᠬᠠᠩᠭᠠᠬᠤ ᠲᠠᠯ᠎ᠠ ᠳᠤ ᠪᠤᠳᠠᠲᠠᠢ ᠤᠷᠤᠰᠢᠵᠦ ᠪᠠᠶᠢᠭ᠎ᠠ ᠠᠰᠠᠭᠤᠳᠠᠯ ᠢ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ ᠪᠤᠯᠬᠤ ᠶᠢ ᠨᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠦ᠂ ᠴᠡᠭᠴᠡᠯᠡᠨ ᠰᠠᠶᠢᠵᠢᠷᠠᠭᠤᠯᠵᠤ ᠲᠡᠶᠢᠯᠬᠦ ᠦᠭᠡᠢ ᠳᠤᠨᠢ ᠡᠬᠡ ᠲᠠᠩᠰᠠ ᠲᠣᠭᠲᠠᠭᠠᠨ᠂ ᠡᠨᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠵᠢᠭᠰᠠᠭᠠᠨ ᠣᠷᠣᠭᠤᠯᠤᠨ᠎ᠠ᠃ ᠡᠭᠦᠨ ᠤ ᠬᠠᠮᠲᠤ 2023 — 2024 ᠣᠨ  ᠤ  ᠳᠤᠯᠠᠭᠠᠯᠠᠭ᠎ᠠ  ᠶᠢᠨ  ᠨᠡᠭᠦᠷᠡᠰᠦ ᠶᠢᠨ ᠨᠥᠭᠡᠴᠡ᠂ ᠲᠤᠨᠤᠭ ᠲᠥᠬᠦᠭᠡᠷᠦᠮᠵᠢ ᠶᠢᠨ ᠠᠵᠢᠯᠯᠠᠭᠠᠨ᠂ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠨ᠎ᠠ᠃      ︽ᠡᠪᠦᠯ ᠤᠨ ᠡᠪᠡᠳᠴᠢᠨ ᠢ ᠵᠤᠨ ᠵᠠᠰᠠᠬᠤ︾  ᠶᠢ ᠦᠷᠭᠦᠯᠵᠢᠯᠡᠨ ᠠᠬᠢᠭᠤᠯᠤᠨ᠎ᠠ᠃ 2023 ᠣᠨ ᠤ ᠳᠤᠯᠠᠭᠠᠯᠠᠭ᠎ᠠ ᠬᠠᠨᠭ᠍ᠭᠠᠬᠤ ᠤᠯᠠᠷᠢᠯ ᠠᠴᠠ ᠨᠠᠭᠠᠰᠢᠬᠢ ᠳᠤᠯᠠᠭᠠᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠵᠤ ᠰᠡᠯᠪᠢᠨ ᠵᠠᠰᠠᠬᠤ᠂ ᠣᠨᠴᠠᠭᠠᠶ ᠴᠠᠭ ᠠᠭᠤᠷ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠶᠢᠳᠪᠦᠷᠢᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠢ ᠲᠠᠯ᠎ᠠ ᠶᠢ ᠦᠨᠳᠦᠰᠦᠯᠡᠠ᠂ ᠡᠯ᠎ᠡ ᠭᠠᠵᠠᠷ ᠤᠨ ᠬᠢᠨ ᠢ ᠱᠠᠯᠠᠪᠳᠠᠭᠤᠯᠵᠦ ᠪᠠᠶᠢᠭᠠᠳ ᠡᠷᠲᠡ ᠠᠴᠠ ᠲᠥᠯᠥᠪᠵᠢᠭᠦᠯᠦᠨ ᠪᠠᠶᠢᠷᠢᠯᠠᠭᠤᠯᠵᠤ᠂ ᠰᠢᠰᠲ᠋ᠧᠮ ᠲᠠᠢ ᠪᠠᠷ ᠵᠠᠳᠠᠯᠤᠨ ᠰᠤᠳᠤᠯᠵᠤ᠂ ︽ᠳᠤᠯᠠᠭᠠᠯᠠᠬᠤ ᠢᠨᠵᠧᠨᠧᠷᠢᠩ︾ ︽ᠡᠪᠦᠯ ᠤᠨ ᠡᠪᠡᠳᠴᠢᠨ ᠢ ᠵᠣᠨ ᠵᠠᠰᠠᠬᠤ︾ ᠲᠠᠢ ᠤᠶᠠᠯᠳᠤᠭᠤᠯᠤᠨ᠂ ᠡᠬᠡ ᠲᠠᠩᠰᠠ ᠪᠠᠶᠢᠭᠤᠯᠵᠤ᠂ 2024 ᠣᠨ ᠤ 1 ᠰᠠᠷ᠎ᠠ ᠶᠢᠨ ᠰᠡᠭᠦᠯᠴᠢ ᠠᠴᠠ ᠡᠮᠦᠨ᠎ᠡ ᠠᠷᠭ᠎ᠠ ᠬᠡᠮᠵᠢᠶ᠎ᠡ ᠲᠣᠭᠲᠠᠭᠠᠠ᠂ ᠡᠨᠡ ᠵᠢᠯ ᠤᠨ ᠳᠤᠯᠠᠭᠠᠯᠠᠭ᠎ᠠ ᠬᠠᠨᠭ᠍ᠭᠠᠬᠤ ᠤᠯᠠᠷᠢᠯ ᠳᠠᠭᠤᠰᠤᠭᠰᠠᠨ ᠤ ᠳᠠᠷᠠᠭ᠎ᠠ ᠡᠷᠲᠡ ᠠᠴᠠ ᠠᠵᠢᠯ ᠡᠬᠢᠯᠡᠭᠦᠯᠵᠦ᠂ ᠳᠠᠷᠠᠭ᠎ᠠ ᠵᠢᠯ ᠤᠨ ᠳᠤᠯᠠᠭᠠᠯᠠᠭ᠎ᠠ ᠶᠢᠨ ᠠᠵᠢᠯ ᠳᠤ ᠰᠠᠭᠤᠷᠢ ᠲᠠᠯᠪᠢᠨ᠎ᠠ᠃      ᠳᠤᠯᠠᠭᠠᠯᠠᠭ᠎ᠠ ᠬᠠᠨᠭ᠍ᠭᠠᠬᠤ ᠬᠤᠭᠤᠯᠠᠢ ᠶᠢ ᠥᠭᠡᠷᠡᠴᠢᠯᠡᠡ ᠰᠢᠨᠡᠳᠬᠡᠨ᠎ᠠ᠃ ᠡᠯ᠎ᠡ ᠭᠠᠵᠠᠷ ᠤᠨ ᠬᠢᠨ ᠢ ᠵᠢᠯᠣᠭᠤᠳᠤᠨ ᠬᠠᠭᠤᠴᠢᠷᠠᠭᠰᠠᠨ ᠬᠤᠭᠤᠯᠠᠢ ᠶᠢᠨ ᠲᠤᠨᠤᠭ ᠲᠦᠬᠦᠭᠡᠷᠦᠮᠵᠢ ᠶᠢᠨ ᠰᠠᠭᠤᠷᠢ ᠲᠤᠭ᠎ᠠ ᠶᠢ ᠪᠦᠷᠢᠳᠬᠡᠨ ᠣᠶᠢᠯᠠᠭᠠᠵᠤ᠂ ᠤᠯᠤᠰ ᠠᠴᠠ ᠬᠤᠲᠠ ᠶᠢᠨ ᠳᠤᠯᠠᠭᠠᠯᠠᠭ᠎ᠠ ᠬᠠᠨᠭ᠍ᠭᠠᠬᠤ ᠬᠤᠭᠤᠯᠠᠢ ᠶᠢᠨ ᠥᠭᠡᠷᠡᠴᠢᠯᠡᠯᠲᠡ ᠶᠢ ᠠᠬᠢᠭᠤᠯᠬᠤ ᠠᠵᠠ ᠲᠣᠬᠢᠶᠠᠯ ᠢ ᠠᠳᠬᠤᠨ᠂ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢᠨ ᠳᠡᠮᠵᠢᠯᠭᠡ ᠶᠢ ᠡᠷᠡᠮᠡᠯᠵᠡᠨ ᠣᠯᠵᠤ᠂ ᠣᠷᠣᠭᠤᠯᠤᠯᠲᠠ ᠪᠠᠨ ᠨᠡᠮᠡᠭᠳᠡᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠲᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号