ᠪᠦᠭᠡᠴᠢᠨ ᠬᠦᠷᠡᠯ 100 ᠭᠠᠷᠤᠢ ᠡᠮᠡᠭᠡᠯ ᠰᠤᠷᠯᠠᠵᠦ ᠵᠠᠰᠠᠪᠠ
ᠨᠡᠶᠢᠲᠡᠯᠡᠭᠰᠡᠨ ᠴᠠᠭ᠄
2024/1/26
     ᠰᠦᠨᠢᠳ ᠵᠡᠬᠦᠨ ᠬᠤᠰᠢᠭᠤᠨ ᠤ ᠪᠠᠶᠠᠨᠨᠠᠭᠤᠷ ᠪᠠᠯᠭᠠᠰᠤᠨ ᠤ ᠪᠠᠶᠠᠨᠰᠢᠭᠤᠢ ᠭᠠᠴᠠᠭᠠᠨ ᠤ ᠠᠳᠤᠭᠤᠨ ᠰᠢᠷ᠎ᠠ ᠶᠢᠨ ᠡᠯᠢᠬᠡᠨ ᠳᠤ ᠲᠠᠪᠤᠨ ᠬᠤᠰᠢᠭᠤ ᠮᠠᠯ ᠤᠨ ᠬᠡᠰᠢᠭ ᠬᠤᠷᠦ᠋ᠢᠯᠠᠵᠤ ᠲᠠᠩᠰᠤᠭ ᠠᠮᠢᠳᠤᠷᠠᠯ ᠴᠤᠭᠴᠠᠯᠠᠵᠤ ᠶᠠᠪᠤᠭ᠎ᠠ ᠮᠠᠯᠴᠢᠨ ᠬᠦᠷᠡᠯ ᠪᠤᠯ ᠤᠳᠤᠮ ᠲᠠᠮᠵᠢᠭᠰᠠᠨ ᠵᠠᠩᠬᠢᠶᠠᠳᠦ ᠪᠦᠬᠡᠴᠢᠨ᠂ ᠤᠷ᠎ᠠ ᠤᠬᠠᠭᠠᠨ ᠦᠪᠯᠡᠭᠰᠡᠨ ᠤᠷᠠᠨ ᠰᠤᠷᠴᠢᠨ ᠪᠢᠯᠡ᠃      ᠬᠦᠷᠡᠯ ᠤᠨ ᠡᠪᠦᠭᠡ ᠠᠪᠤ ᠲᠠᠷᠬᠠᠨ ᠪᠦᠬᠡᠴᠢᠨ ᠪᠤᠶ᠋ᠬᠠᠠᠷᠪᠢᠵᠢᠬᠤ ᠰᠦᠨᠢᠳ ᠴᠠᠬᠠᠷ ᠲᠤ ᠨᠡᠷ᠎ᠡ ᠠᠯᠳᠠᠷᠰᠢᠭᠰᠠᠨ ᠪᠤᠰᠤᠭ᠎ᠠ ᠠᠪᠤᠷᠭᠤ ᠶᠠᠪᠤᠭᠰᠠᠨ ᠲᠡᠳᠦᠢ ᠦᠬᠡᠢ ᠮᠤᠳᠤᠴᠢᠨ᠂ ᠰᠤᠷᠴᠢᠨ᠂ ᠮᠦᠡᠭᠬᠦᠨ ᠲᠠᠷᠬᠠᠨ ᠵᠡᠷᠭᠡ ᠤᠯᠠᠨ ᠵᠦᠢᠯ ᠤᠨ ᠠᠪᠢᠶᠠᠰ ᠲᠠᠢ ᠬᠦᠮᠦᠨ ᠪᠠᠶᠢᠯ᠎ᠠ ᠭᠡᠳᠡᠭ᠃ ᠬᠦᠷᠡᠯ ᠬᠠᠷᠠᠬᠠᠨ ᠪᠠᠭ᠎ᠠ ᠠᠴᠠ ᠪᠠᠨ ᠠᠵᠢᠭᠴᠢ ᠬᠢᠷᠠᠬᠠᠢ ᠠᠪᠬᠠᠯᠵᠢ ᠰᠡᠷᠬᠦᠯᠡᠩ ᠬᠡᠦᠬᠡᠳ ᠪᠠᠶᠢᠵᠠᠢ᠃ ᠡᠪᠦᠭᠡ ᠪᠤᠯᠤᠨ ᠠᠪᠤ ᠶᠢᠨ ᠢᠶᠠᠨ ᠨᠦᠯᠦᠬᠡ ᠪᠠᠷ ᠪᠦᠬᠡ ᠮᠤᠷᠢᠨ ᠳᠤ ᠬᠤᠷᠤᠬᠠᠶᠢᠳᠠᠢ ᠪᠤᠯᠵᠠᠢ᠃ ᠨᠤᠳᠤᠭ ᠤᠰᠤᠨ ᠤ ᠪᠠᠨ ᠤᠪᠤᠭ᠎ᠠ ᠪᠤᠯᠠᠭ᠂ ᠵᠠᠯᠠᠭᠤᠴᠤᠳ ᠤᠨ ᠨᠠᠶᠢᠷ ᠨᠠᠭᠠᠳᠤᠮ ᠢᠶᠠᠷ ᠵᠤᠳᠤᠭᠯᠠᠵᠤ᠂ 128 ᠪᠤᠶᠤ 64 ᠪᠦᠬᠡ ᠲᠠᠢ ᠨᠠᠶᠢᠷ ᠲᠤ ᠠᠷᠪᠠ ᠭᠠᠷᠤᠢ ᠤᠳᠠᠭ᠎ᠠ ᠲᠡᠷᠢᠬᠦᠯᠡᠵᠦ ᠲᠡᠳ᠋ᠯᠡᠵᠦ ᠪᠠᠶᠢᠭᠰᠠᠨ ᠪᠦᠬᠡᠳ ᠤᠶᠠᠭᠰᠠᠨ ᠮᠤᠷᠢ ᠨᠢ ᠴᠤ ᠠᠶᠢᠷᠠᠭ ᠤᠨ ᠲᠠᠪᠤ ᠳᠤ ᠤᠯᠠᠨᠳᠠ ᠬᠤᠷᠳᠤᠯᠠᠭᠰᠠᠨ ᠲᠡᠦᠬᠡ ᠲᠠᠢ ᠶᠤᠮᠰᠠᠨ᠃      ᠤᠶᠢᠷ᠎ᠠ ᠶᠢᠨ ᠬᠡᠳᠦᠨ ᠵᠢᠯ ᠬᠦᠷᠡᠯ ᠪᠤᠰᠤᠳ ᠤᠨ ᠵᠠᠬᠢᠶᠠᠯᠠᠭ᠎ᠠ ᠪᠠᠷ 100 ᠭᠠᠷᠤᠢ ᠡᠮᠡᠭᠡᠯ ᠰᠤᠷᠯᠠᠵᠤ ᠵᠠᠰᠠᠭᠰᠠᠨ ᠪᠠᠶᠢᠨ᠎ᠠ᠃ ᠳᠡᠷᠡ ᠴᠤᠯ ᠮᠦᠡᠭᠬᠦᠨ ᠡᠮᠡᠭᠡᠯ ᠢᠶᠠᠨ ᠲᠦᠮᠡᠨ ᠲᠦᠭᠦᠷᠢᠭ ᠢᠶᠠᠷ ᠵᠠᠷᠤᠵᠤ᠂ ᠶᠠᠩ ᠪᠠᠢ ᠲᠦᠡᠭ ᠡᠮᠡᠭᠡᠯ ᠢᠶᠠᠨ 4000 — 5000 ᠤᠷᠴᠢᠮ ᠤᠨ ᠦᠨ᠎ᠡ ᠪᠠᠷ ᠬᠤᠳᠠᠯᠳᠤᠵᠤ᠂ ᠮᠠᠯᠵᠢᠯ ᠤᠨ ᠪᠤᠰᠤ ᠤᠷᠤᠯᠭ᠎ᠠ ᠤᠯᠵᠦ ᠶᠠᠪᠤᠨ᠎ᠠ᠃ ᠬᠦᠷᠡᠯ ᠤᠨ ᠵᠠᠩᠬᠢᠳᠤᠭᠰᠠᠨ ᠨᠤᠭᠳᠤ ᠬᠠᠵᠠᠭᠠᠷ᠂ ᠵᠢᠷᠢᠮ᠂ ᠴᠢᠳᠤᠷ ᠨᠢ ᠪᠤᠰᠤᠳ ᠠᠴᠠ ᠤᠨᠴᠠᠯᠢᠭ ᠲᠠᠢ ᠭᠤᠶᠤᠮᠰᠤᠭ ᠰᠠᠶᠢᠬᠠᠨ ᠪᠠᠶᠢᠳᠠᠭ ᠢᠶᠠᠷ ᠢᠶᠠᠨ ᠵᠠᠬᠢᠶᠠᠯᠠᠭᠴᠢᠳ ᠤᠨ ᠬᠠᠯᠠᠭᠤᠨ ᠬᠦᠷᠢᠶᠡᠯᠡᠯ ᠢ ᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号