ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ —— ᠮᠤᠩᠭᠤᠯ ᠶᠤᠸᠠᠨ ᠤ ᠰᠤᠶᠤᠯ ᠢ ᠠᠯᠳᠠᠷᠰᠢᠭᠤᠯᠬᠤ ᠶᠢᠨ ᠬᠡᠬᠡᠪᠴᠢ
ᠨᠡᠶᠢᠲᠡᠯᠡᠭᠰᠡᠨ ᠴᠠᠭ᠄
2024/1/29
     ᠶᠤᠸᠠᠨ ᠤ ᠲᠡᠭᠡᠳᠦ ᠨᠡᠶᠢᠰᠯᠡᠯ ᠬᠡᠵᠦ ᠶᠠᠷᠢᠬᠤ ᠪᠠᠷ ᠬᠦᠮᠦᠰ ᠶᠠᠭᠤᠨ ᠠᠨᠳᠠᠬᠤ ᠪᠢᠯᠠ᠃ ᠰᠢᠯᠤᠭᠤᠨ ᠬᠦᠬᠡ ᠬᠤᠰᠢᠭᠤ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠪᠠᠷ ᠵᠤᠭᠠᠴᠠᠯ ᠤᠨ ᠦᠢᠯᠡᠰ ᠤᠨ ᠲᠤᠯᠤᠭᠠᠶᠢᠯᠠᠭᠴᠢ ᠪᠤᠯᠭᠠᠨ ᠬᠦᠭᠵᠢᠬᠦᠯᠵᠦ ᠪᠠᠶᠢᠬᠤ ᠶᠢᠨ ᠲᠠᠭᠠᠤ ᠮᠤᠩᠭᠤᠯ ᠶᠤᠸᠠᠨ ᠤ ᠰᠤᠶᠤᠯ᠂ ᠶᠤᠸᠠᠨ ᠤ ᠲᠡᠬᠡᠳᠦ ᠨᠡᠶᠢᠰᠯᠡᠯ ᠤᠨ ᠪᠠᠭᠤᠷᠢ ᠎ ᠶᠢᠨ ᠨᠦᠯᠦᠬᠡ ᠲᠤᠰᠬᠠᠯ ᠳᠤ ᠬᠠᠨᠳᠤᠭᠤᠯᠤᠨ ᠪᠠᠰᠠ ︽ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ︾᠎ ᠶᠢ ᠪᠠᠶᠢᠭᠤᠯᠵᠦ᠂ ᠡᠬᠦᠨ ᠢᠶᠠᠷ ᠢᠶᠠᠨ ᠪᠠᠰᠠ ᠨᠢᠬᠡᠨ ᠵᠤᠭᠠᠴᠠᠯ ᠤᠨ ᠬᠢᠯᠠᠰ ᠴᠢᠭ ᠪᠤᠯᠭᠠᠵᠦ᠂ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ᠂ ᠰᠢᠯᠤᠭᠤᠨ ᠬᠦᠬᠡ ᠨᠤᠳᠤᠭ ᠶᠢ ᠵᠤᠷᠢᠵᠦ ᠢᠷᠡᠭᠰᠡᠨ ᠵᠤᠭᠠᠴᠠᠭᠰᠠᠳ ᠤᠨ ᠵᠠᠪᠠᠯ ᠤᠴᠢᠬᠤ ᠭᠠᠵᠠᠷ ᠤᠨ ᠨᠢᠬᠡᠨ ᠪᠤᠯᠵᠠᠢ᠃      ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ ᠨᠢ ᠶᠤᠸᠠᠨ ᠤ ᠲᠡᠬᠡᠳᠦ ᠨᠡᠶᠢᠰᠯᠡᠯ ᠤᠨ ᠪᠠᠭᠤᠷᠢ ᠎ ᠠᠴᠠ ᠡᠮᠦᠨ᠎ᠠ 5 ᠺᠢᠯᠥᠮᠧᠲᠷ ᠤᠨ ᠵᠠᠢ ᠳᠤ ᠪᠠᠶᠢᠭ᠎ᠠ ᠤᠯᠠᠭᠠᠨᠳᠠᠢ ᠤᠪᠤᠭᠠᠨ ᠤ ᠵᠡᠬᠦᠨ ᠡᠩᠬᠡᠷ ᠲᠤ ᠪᠠᠶᠢᠷᠢᠯᠡᠵᠦ᠂ ᠪᠦᠬᠦᠶᠢᠯᠠ ᠪᠠᠷᠢᠯᠭ᠎ᠠ ᠨᠢ ᠠᠭᠤᠯᠠ ᠶᠢ ᠨᠦᠬᠡᠯᠡᠨ ᠪᠦᠳᠦᠬᠡᠭᠰᠡᠨ ᠪᠤᠯᠬᠤᠷ ᠡᠬᠡ ᠪᠠᠶᠢᠭᠠᠯᠢ ᠪᠤᠯᠤᠨ ᠤᠳᠤᠬᠢ ᠪᠠᠷᠢᠯᠭ᠎ᠠ ᠎ ᠶᠢ ᠠᠪᠤᠴᠠᠯᠳᠤᠭᠤᠯᠤᠭᠰᠠᠨ ᠢᠶᠠᠷ ᠢᠶᠠᠨ ᠤᠨᠴᠠᠯᠢᠬᠳᠠᠨ᠎ᠠ᠃      ᠮᠦᠽᠸᠢ ᠶᠢᠨ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 6991 ᠲᠡᠭᠰᠢ ᠲᠦᠷᠪᠡᠯᠵᠢᠨ ᠮᠧᠲᠷ ᠪᠠᠶᠢᠵᠦ᠂ ᠭᠤᠤᠯ ᠪᠠᠷᠢᠯᠭ᠎ᠠ ᠶᠢᠨ ᠲᠠᠯᠠᠪᠠᠢ ᠨᠢ 5701 ᠲᠡᠭᠰᠢ ᠲᠦᠷᠪᠡᠯᠵᠢᠨ ᠮᠧᠲᠷ᠂ ᠠᠭᠤᠯᠠ ᠶᠢ ᠨᠦᠬᠡᠯᠡᠭᠰᠡᠨ ᠭᠠᠵᠠᠷ ᠲᠤᠤᠷᠠᠬᠢ ᠪᠠ ᠭᠠᠵᠠᠷ ᠲᠡᠭᠡᠷᠡᠬᠢ ᠬᠤᠶᠠᠷ ᠲᠠᠪᠬᠤᠷᠯᠢᠭ ᠢᠶᠠᠷ ᠪᠠᠶᠢᠷᠢᠯᠠᠨ᠂ ᠦᠵᠡᠬᠦᠯᠦᠯᠬᠡ ᠶᠢᠨ ᠲᠤᠭᠤᠷᠢᠭ᠂ ᠲᠡᠦᠬᠡ ᠎ ᠶᠢᠨ ᠲᠤᠷᠠᠰᠬᠠᠯᠳᠤ ᠵᠦᠢᠯᠡᠰ ᠤᠨ ᠬᠦᠮᠦᠷᠬᠡ᠂ ᠲᠤᠨᠤᠭ ᠲᠦᠬᠦᠬᠡᠷᠦᠮᠵᠢ ᠶᠢ ᠡᠵᠡᠮᠳᠡᠬᠦ ᠲᠤᠭᠤᠷᠢᠭ᠂ ᠲᠠᠩᠰᠠ ᠡᠪᠬᠡᠮᠡᠯ ᠢ ᠬᠠᠮᠢᠶᠠᠷᠬᠤ ᠪᠤᠯᠤᠨ ᠰᠤᠳᠤᠯᠬᠤ ᠲᠤᠭᠤᠷᠢᠭ ᠵᠡᠷᠬᠡ ᠬᠡᠳᠦᠨ ᠬᠡᠰᠡᠭ ᠢᠶᠠᠷ ᠪᠦᠷᠢᠯᠳᠦᠵᠠᠢ᠃ ᠦᠵᠡᠬᠦᠯᠦᠯᠬᠡ ᠎ ᠶᠢᠨ ᠲᠤᠭᠤᠷᠢᠭ ᠢᠶᠠᠨ︽ᠠᠯᠳᠠᠷ ᠲᠡᠦᠬᠡ ᠶᠢ ᠮᠡᠳᠡᠷᠡᠬᠦᠢ︾᠂ ︽ᠰᠤᠶᠤᠯ ᠰᠢᠨᠵᠢᠯᠡᠭᠡ ᠶᠢ ᠪᠠᠭ᠋ᠠᠷᠬᠠᠬᠤᠢ︾᠂ ︽ᠰᠢᠨ᠎ᠠ ᠴᠠᠭ ᠢ ᠤᠬᠠᠮᠰᠠᠷᠯᠠᠬᠤᠢ︾  ᠵᠡᠷᠬᠡ ᠬᠡᠳᠦᠨ ᠬᠡᠰᠡᠭ ᠲᠤ ᠬᠤᠪᠢᠶᠠᠵᠦ᠂ ᠱᠠᠩᠳᠤ ᠨᠡᠶᠢᠰᠯᠡᠯ ᠤᠨ ᠡᠰᠨᠢᠯ ᠬᠦᠭᠵᠢᠯ᠂ ᠤᠷᠳᠤᠨ ᠬᠠᠷᠰᠢ ᠶᠢᠨ ᠪᠠᠷᠢᠯᠭ᠎ᠠ ᠶᠢᠨ ᠰᠢᠵᠢᠷ ᠬᠢᠯᠪᠠᠭ᠎ᠠ᠂ ᠨᠡᠬᠦᠳᠡᠯ ᠰᠤᠶᠤᠯ ᠤᠨ ᠪᠤᠯᠪᠠᠰᠤᠨ ᠢ ᠬᠠᠷᠠᠭᠤᠯᠤᠭᠰᠠᠨ ᠪᠠᠷᠢᠯᠭ᠎ᠠ᠂ ᠠᠮᠢᠳᠤᠷᠠᠯ ᠤᠨ ᠪᠠᠶᠢᠳᠠᠯ ᠢ ᠬᠠᠷᠠᠭᠤᠯᠤᠭᠰᠠᠨ ᠵᠢᠷᠤᠭ᠂ ᠮᠠᠯᠵᠢᠬᠤ ᠰᠤᠶᠤᠯ ᠪᠠ ᠲᠡᠷᠢᠶᠠᠯᠠᠬᠤ ᠰᠤᠶᠤᠯ ᠢ ᠲᠡᠭᠡᠳᠦ ᠬᠡᠮᠵᠢᠶ᠎ᠠ ᠪᠠᠷ ᠤᠶᠠᠯᠳᠤᠭᠤᠯᠤᠭᠰᠠᠨ ᠪᠦᠬᠦ ᠵᠦᠢᠯ ᠢ ᠬᠠᠷᠠᠭᠤᠯᠵᠦ ᠴᠢᠳᠠᠬᠤ ᠲᠡᠦᠬᠡ ᠎ ᠶᠢᠨ ᠲᠤᠷᠠᠰᠬᠠᠯᠳᠤ ᠵᠦᠢᠯᠡᠰ ᠢ ᠲᠡᠯᠬᠡᠨ ᠦᠵᠡᠬᠦᠯᠵᠦ᠂ ᠡᠳᠡᠬᠡᠷ ᠲᠡᠦᠬᠡ ᠶᠢᠨ ᠲᠤᠷᠠᠰᠬᠠᠯᠳᠦ ᠵᠦᠢᠯᠡᠰ ᠢ ᠲᠡᠯᠬᠡᠨ ᠦᠵᠡᠬᠦᠯᠬᠦ ᠪᠠᠷ ᠲᠠᠮᠵᠢᠭᠤᠯᠵᠦ ᠶᠤᠸᠠᠨ ᠬᠦᠷᠦᠨ ᠤ ᠮᠠᠨᠳᠤᠨ ᠬᠦᠭᠵᠢᠭᠰᠡᠨ ᠲᠡᠦᠬᠡᠨ ᠰᠢᠵᠢᠷ ᠬᠢᠯᠪᠠᠭ᠎ᠠ ᠶᠢ ᠲᠠᠬᠢᠨ ᠢᠯᠡᠷᠡᠬᠦᠯᠵᠦ᠂ ᠶᠤᠸᠠᠨ ᠬᠦᠷᠦᠨ ᠤ ᠤᠯᠤᠰ ᠲᠦᠷᠦ᠂ ᠴᠡᠷᠢᠭ ᠲᠠᠶᠢᠨ᠂ ᠠᠵᠦ ᠠᠬᠤᠢ᠂ ᠤᠯᠠᠨ ᠲᠦᠷᠦᠯ ᠤᠨ ᠰᠤᠶᠤᠯ ᠤᠨ ᠠᠭᠤᠰᠤᠯᠴᠠᠯ᠂ ᠲᠤᠮᠳᠠᠳᠤ ᠤᠷᠤᠨ ᠪᠠ ᠦᠷᠦᠨᠡᠳᠡᠬᠢᠨ ᠤ ᠰᠤᠶᠤᠯ ᠤᠨ ᠰᠤᠯᠢᠯᠴᠠᠭ᠎ᠠ᠂ ᠤᠯᠠᠨ ᠦᠨᠳᠦᠰᠦᠳᠡᠨ ᠲᠠᠢ ᠤᠯᠤᠰ ᠤᠨ ᠨᠢᠬᠡᠳᠦᠯ ᠢ ᠪᠠᠶᠢᠭᠤᠯᠤᠭᠰᠠᠨ ᠵᠡᠷᠬᠡ ᠪᠤᠳᠠᠳᠤ ᠲᠡᠦᠬᠡᠨ ᠬᠡᠷᠡᠴᠢ ᠶᠢ ᠵᠤᠭᠠᠴᠠᠭᠴᠢ᠂ ᠰᠤᠳᠤᠯᠤᠭᠴᠢ ᠳᠤ ᠬᠠᠷᠠᠭᠤᠯᠤᠭᠰᠠᠨ ᠤ ᠬᠠᠮᠳᠤ ᠶᠤᠸᠠᠨ ᠬᠦᠷᠦᠨ ᠤ ᠲᠡᠯᠡᠬᠡᠢ ᠳ᠋ᠠᠬᠢᠨ ᠳᠤ ᠠᠪᠴᠢᠷᠠᠵᠦ ᠦᠭᠬᠦᠭᠰᠡᠨ ᠦᠷ᠎ᠡ ᠨᠦᠯᠦᠬᠡ ᠶᠢ ᠤᠳᠤᠬᠢ ᠬᠦᠮᠦᠰ ᠲᠤ ᠬᠠᠷᠠᠭᠤᠯᠵᠦ ᠪᠠᠶᠢᠨ᠎ᠠ᠃      ᠰᠢᠯᠤᠭᠤᠨ ᠬᠦᠬᠡ ᠬᠤᠰᠢᠭᠤᠨ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ ᠨᠢ ᠶᠤᠸᠠᠨ ᠤ ᠲᠡᠬᠡᠳᠦ ᠨᠡᠶᠢᠰᠯᠡᠯ ᠵᠢᠴᠢ ᠰᠢᠯᠤᠭᠤᠨ ᠬᠦᠬᠡ ᠬᠤᠰᠢᠭᠤᠨ ᠤ ᠪᠠᠨ ᠪᠠᠶᠢᠭᠠᠯᠢ ᠶᠢᠨ ᠦᠩᠬᠡ ᠦᠵᠡᠮᠵᠢ ᠲᠠᠢ ᠡᠩ ᠵᠡᠷᠬᠡᠴᠡᠨ᠂ ᠲᠤᠰ ᠬᠤᠰᠢᠭᠤᠨ ᠤ ᠪᠠᠨ ᠲᠦᠷᠪᠡᠨ ᠤᠯᠠᠷᠢᠯ ᠤᠨ ᠵᠤᠭᠠᠴᠠᠯ ᠤᠨ ᠦᠢᠯᠡᠰ ᠵᠢᠴᠢ ᠨᠠᠷ᠎ᠠ ᠠᠯᠳᠠᠷᠰᠢᠯ ᠎ ᠳᠤ ᠨᠢᠬᠡᠨ ᠬᠤᠪᠢ ᠶᠢᠨ ᠬᠦᠴᠦᠨ ᠢᠶᠠᠨ ᠡᠷᠬᠦᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号