ᠮᠠᠨ ᠤ ᠤᠷᠤᠨ ᠰᠤᠷᠤᠬᠴᠢ ᠡᠯᠰᠡᠬᠦ ᠤᠶᠤᠨᠴᠢ ᠦᠢᠯᠡᠴᠢᠯᠡᠬᠡᠨ ᠤ ᠰᠢᠰᠲ᠋ᠧᠮ ᠢ ᠨᠡᠪᠳᠡᠷᠡᠬᠦᠯᠪᠡ
ᠨᠡᠶᠢᠲᠡᠯᠡᠭᠰᠡᠨ ᠴᠠᠭ᠄
2024/1/29
     ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠶᠢᠷ᠎ᠠ ᠳᠤ ᠣᠶᠤᠨᠴᠢ ᠦᠢᠯᠡᠴᠢᠯᠡᠭᠡᠨ ᠤ ᠰᠢᠰᠲ᠋ᠧᠮ ᠢ ᠨᠡᠪᠳᠡᠷᠡᠬᠦᠯᠪᠡ᠃ ᠤᠶᠤᠨᠴᠢ ᠦᠢᠯᠡᠴᠢᠯᠡᠬᠡᠨ ᠤ ᠰᠢᠰᠲ᠋ᠧᠮ ᠠᠴᠠ ᠰᠢᠯᠭᠠᠭᠤᠯᠤᠭᠴᠢ ᠵᠢᠴᠢ ᠭᠡᠷ ᠤᠨ ᠠᠬᠠᠮᠠᠳ ᠰᠣᠷᠣᠭᠴᠢ ᠡᠯᠰᠡᠬᠦ ᠰᠢᠯᠭᠠᠯᠳᠠ ᠶᠢᠨ ᠲᠥᠷᠥ ᠶᠢᠨ ᠪᠣᠳᠣᠯᠭ᠎ᠠ᠂ ᠠᠯᠪᠠᠨ ᠵᠠᠷᠯᠠᠯ ᠵᠡᠷᠭᠡ ᠠᠯᠪᠠᠨ ᠤ ᠲᠠᠯ᠎ᠠ ᠶᠢᠨ ᠮᠡᠳᠡᠭᠡ ᠵᠠᠩᠭᠢ ᠶᠢ ᠤᠯᠵᠤ ᠪᠤᠯᠤᠨ᠎ᠠ᠃      ᠰᠢᠯᠭᠠᠭᠤᠯᠤᠭᠴᠢ ᠪᠠ ᠬᠡᠷ ᠤᠨ ᠠᠬᠠᠮᠠᠳ 0471-3969666 ᠤᠲᠠᠰᠤ ᠶᠢ ᠤᠳᠠᠰᠤᠳᠠᠵᠤ ᠰᠤᠷᠤᠭᠴᠢ ᠡᠯᠰᠡᠬᠦ ᠰᠢᠯᠭᠠᠯᠳᠠ ᠶᠢᠨ ᠲᠤᠬᠠᠢ  ᠬᠠᠮᠢᠶ᠎ᠠ ᠪᠦᠬᠦᠢ ᠵᠥᠪᠯᠡᠯᠭᠡ ᠠᠪᠤᠪᠠᠯ᠂ ᠰᠢᠰᠲ᠋ᠧᠮ ᠠᠴᠠ ᠤᠶᠤᠨᠴᠢ ᠬᠠᠷᠢᠭᠤ ᠥᠭᠴᠦ᠂ ᠬᠦᠮᠦᠨ ᠠᠴᠠ ᠠᠰᠠᠭᠤᠵᠤ ᠯᠠᠪᠯᠠᠬᠤ ᠴᠢᠬᠤᠯᠠ ᠲᠠᠢ ᠪᠤᠯ ᠠᠦ᠋ᠲ᠋ᠣ᠋ ᠡᠵᠡᠮᠰᠢᠯ ᠢᠶᠠᠷ ᠰᠢᠯᠵᠢᠭᠦᠯᠦᠨ ᠵᠠᠯᠭᠠᠵᠤ ᠦᠭᠬᠦᠨ᠎ᠡ᠃ ᠰᠦᠯᠵᠢᠶᠡᠨ ᠦᠢᠯᠡᠴᠢᠯᠡᠭᠡ ᠠᠪᠬᠤ ᠬᠡᠪᠡᠯ᠂ ᠰᠢᠯᠭᠠᠭᠤᠯᠤᠭᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠠᠯᠪᠠᠨ ᠤ ᠰᠦᠯᠵᠢᠶ᠎ᠡ ᠳᠤ ᠭᠠᠷᠴᠤ᠂ ᠰᠦᠯᠵᠢᠶᠡᠨ ᠨᠢᠭᠤᠷ ᠲᠠᠬᠢ ︽ᠣᠶᠤᠨᠴᠢ ᠦᠢᠯᠡᠴᠢᠯᠡᠭᠡ︾᠎ ᠶᠢ ᠲᠣᠪᠴᠢᠳᠠᠵᠤ᠂ ᠰᠢᠯᠭᠠᠯᠲᠠ ᠶᠢᠨ ᠬᠠᠮᠢᠶ᠎ᠠ ᠪᠦᠬᠦᠢ ᠵᠦᠢᠯᠡᠰ ᠢ ᠠᠰᠠᠭᠤᠨ ᠯᠠᠪᠯᠠᠪᠠᠯ᠂ ᠣᠶᠤᠨᠴᠢ ᠦᠢᠯᠡᠴᠢᠯᠡᠭᠡ ᠨᠢ ᠥᠰᠥᠭ ᠪᠢᠴᠢᠭ ᠪᠤᠶᠤ ᠦᠭᠡ ᠬᠡᠯᠡᠨ ᠤ ᠨᠡᠪᠲᠡᠷᠡᠭᠦᠯᠭᠡ ᠶᠢᠨ ᠬᠡᠯᠪᠡᠷᠢ ᠪᠠᠷ ᠠᠦ᠋ᠲ᠋ᠣ᠋ ᠬᠠᠷᠢᠭᠤ ᠦᠭᠬᠦᠨ᠎ᠡ᠃      ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠰᠢᠰᠲ᠋ᠧᠮ ᠨᠢ ᠨᠢᠭᠡᠨᠲᠡ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠰᠠᠭᠤᠨ ᠯᠠᠪᠯᠠᠬᠤ ᠦᠢᠯᠡᠴᠢᠯᠡᠭᠡ ᠶᠢ ᠨᠠᠪᠲᠠᠷᠡᠭᠦᠯᠵᠦ᠂ ᠪᠤᠰᠤᠳ ᠰᠢᠯᠭᠠᠯᠲᠠ ᠶᠢᠨ ᠠᠰᠠᠭᠤᠨ ᠯᠠᠪᠯᠠᠬᠤ ᠦᠢᠯᠡᠴᠢᠯᠡᠭᠡ ᠶᠢ ᠵᠠᠯᠭᠠᠭ᠎ᠠ ᠪᠠᠷ ᠨᠡᠪᠳᠡᠷᠡᠬᠦᠯᠬᠦ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号