ᠬᠢᠴᠢᠶᠠᠯ ᠤᠨ ᠭᠠᠳᠠᠭᠤᠷ ᠢᠯᠡᠭᠦᠭᠡᠨ ᠨᠤᠮ ᠤᠩᠰᠢᠶ᠎ᠠ
ᠨᠡᠶᠢᠲᠡᠯᠡᠭᠰᠡᠨ ᠴᠠᠭ᠄
2024/1/29
     ᠰᠤᠷᠤᠭᠴᠢᠳ ᠬᠢᠴᠢᠶᠠᠯ ᠤᠨ ᠭᠠᠳᠠᠭᠤᠷᠬᠢ ᠰᠤᠯᠠ ᠨᠤᠮ ᠤᠡᠭᠰᠢᠬᠤ ᠨᠢ ᠶᠡᠭᠡ ᠰᠠᠶᠢᠨ᠂ ᠶᠡᠭᠡ ᠴᠢᠬᠤᠯᠠ ᠬᠡᠳᠡᠭ ᠢ ᠬᠦᠮᠦᠰ ᠪᠦᠷ ᠮᠡᠳᠡᠳᠡᠭ᠃ ᠬᠡᠪᠠᠴᠤ ᠦᠨᠡᠨ ᠬᠦ ᠤᠩᠰᠢᠪᠠᠯ ᠰᠤᠷᠤᠭᠴᠢᠳ ᠤᠨ ᠬᠢᠴᠢᠶᠠᠯ ᠰᠤᠷᠤᠯᠭ᠎ᠠ᠂ ᠤᠨᠳᠠᠵᠦ ᠠᠮᠠᠷᠠᠬᠤ ᠶᠢ ᠨᠦᠯᠦᠭᠡᠯᠡᠨ᠎ᠠ ᠬᠡᠵᠦ ᠪᠤᠳᠤᠳᠠᠭ ᠬᠦᠮᠦᠰ ᠴᠤ ᠴᠦᠭᠡᠨ ᠪᠤᠰᠤ ᠪᠠᠶᠢᠳᠠᠭ᠃ ᠲᠡᠭᠡᠪᠡᠯ ᠬᠢᠴᠢᠶᠡᠯ ᠤᠨ ᠭᠠᠳᠠᠭᠤᠷᠬᠢ ᠰᠤᠯᠠ ᠨᠤᠮ ᠤᠩᠰᠢᠬᠤ ᠨᠢ ᠦᠨᠡᠨ ᠬᠦ ᠠᠰᠢᠭᠳᠠᠢ ᠤᠤ᠂ ᠶᠠᠭᠠᠬᠢᠵᠤ ᠤᠩᠰᠢᠪᠠᠯ ᠵᠤᠬᠢᠬᠤ ᠪᠤᠢ︖      ᠶᠠᠭᠤᠨ ᠤ ᠤᠷᠢᠳ᠂ ᠵᠦᠪ ᠲᠠᠨᠢᠯᠳᠠ ᠲᠠᠢ ᠪᠠᠶᠢᠬᠤ ᠨᠢ ᠴᠢᠬᠤᠯᠠ᠃ ᠬᠢᠴᠢᠶᠠᠯ ᠤᠨ ᠭᠠᠳᠠᠭᠤᠷᠬᠢ ᠰᠤᠯᠠ ᠨᠤᠮ ᠢ ᠤᠯᠠᠨ ᠤᠡᠭᠰᠢᠵᠤ᠂ ᠰᠠᠶᠢᠨ ᠤᠡᠭᠰᠢᠬᠤ ᠨᠢ ᠬᠢᠴᠢᠶᠠᠯ ᠰᠤᠷᠤᠯᠭ᠎ᠠ᠂ ᠤᠨᠳᠠᠵᠦ ᠠᠮᠠᠷᠠᠬᠤ ᠶᠢ ᠨᠦᠯᠦᠭᠡᠯᠡᠬᠦ ᠦᠭᠡᠢ ᠮᠦᠷᠳᠡᠭᠡᠨ ᠲᠤᠰᠠ ᠪᠤᠯᠤᠨ᠎ᠠ᠃ ᠪᠤᠳᠠᠳᠠᠢ ᠶᠠᠷᠢᠪᠠᠯ ᠬᠢᠴᠢᠶᠠᠯ ᠤᠨ ᠭᠠᠳᠠᠭᠤᠷᠬᠢ ᠨᠤᠮ ᠤᠡᠭᠰᠢᠬᠤ ᠨᠢ ᠮᠡᠳᠡᠯᠭᠡ ᠶᠢᠨ ᠬᠦᠷᠢᠶ᠎ᠠ ᠬᠡᠪᠴᠢᠶ᠎ᠠ ᠶᠢ ᠲᠠᠯᠠᠵᠦ ᠨᠠᠶᠢᠭᠡᠮ ᠤᠨ ᠰᠢᠨᠵᠢᠯᠡᠬᠦ ᠤᠬᠠᠭᠠᠨ ᠤ ᠲᠦᠷᠦᠯ ᠤᠨ ᠬᠢᠴᠢᠶᠠᠯ ᠢᠶᠠᠨ ᠤᠯᠠᠮ ᠯᠠᠪᠰᠢᠷᠠᠭᠤᠯᠤᠨ ᠬᠦᠨᠵᠡᠭᠡᠢ ᠤᠶᠢᠯᠠᠭᠠᠬᠤ ᠳᠤ ᠲᠤᠰᠠ ᠲᠠᠮ ᠪᠤᠯᠤᠨ᠎ᠠ᠃      ᠲᠠᠷᠠᠭᠠᠯᠠᠪᠠᠯ᠂ ᠠᠷᠭ᠎ᠠ ᠪᠠᠷᠢᠯ ᠢ ᠠᠩᠬᠠᠷᠬᠤ ᠨᠢ ᠴᠢᠬᠤᠯᠠ᠃ ᠵᠠᠷᠢᠮ ᠭᠡᠷ ᠤᠨ ᠠᠬᠠᠮᠠᠳ ᠪᠠᠭ᠎ᠠ ᠰᠤᠷᠭᠠᠭᠤᠯᠢ ᠶᠢᠨ ᠬᠡᠦᠭᠡᠳ ᠢ ᠶᠠᠭ ᠦᠰᠤᠨ ᠪᠤᠶᠢᠵᠢᠬᠤ ᠱᠠᠳᠤᠨ ᠳᠠᠭᠠᠨ ᠪᠤᠢ᠂ ᠴᠠᠭ ᠭᠠᠷᠪᠠᠯ ᠢᠯᠡᠬᠦᠭᠡᠨ ᠤᠨᠳᠠᠵᠦ ᠠᠮᠠᠷᠠᠭ ᠬᠡᠳ ᠰᠤᠯᠠ ᠨᠤᠮ ᠤᠡᠭᠰᠢᠭᠤᠯᠳᠠᠭ ᠦᠭᠡᠢ︔ ᠠᠩᠬ᠎ᠠ ᠲᠤᠮᠳᠠᠳᠤ ᠶᠢᠨ ᠬᠡᠦᠭᠡᠳ ᠪᠤᠯᠤᠨ ᠲᠡᠭᠡᠳᠦ ᠲᠤᠮᠳᠠᠳᠤ ᠶᠢᠨ ᠰᠤᠷᠤᠭᠴᠢ ᠶᠢ ᠪᠠᠰᠠ ᠲᠡᠭᠡᠳᠦ ᠲᠤᠮᠳᠠᠳᠤ ᠳᠤ ᠲᠠᠪᠰᠢᠬᠦ ᠤᠤ᠂ ᠠᠵᠢᠯ ᠮᠡᠷᠭᠡᠵᠢᠯ ᠤᠨ ᠰᠤᠷᠭᠠᠭᠤᠯᠢ ᠳᠤ ᠬᠤᠪᠢᠶᠠᠬᠳᠠᠬᠤ ᠤᠤ ᠬᠡᠰᠡᠨ ᠵᠠᠩᠬᠢᠯᠠᠭ᠎ᠠ ᠶᠢᠨ ᠮᠦᠴᠠ ᠳᠤ ᠪᠤᠢ ᠬᠡᠬᠦ ᠪᠤᠶᠤ ᠶᠡᠭᠡ ᠲᠡᠭᠡᠳᠦ ᠰᠤᠷᠭᠠᠭᠤᠯᠢ ᠳᠤ ᠤᠷᠤᠬᠤ ᠨᠢ ᠴᠢᠬᠤᠯᠠ᠂ ᠶᠡᠭᠡ ᠲᠡᠭᠡᠳᠦ ᠰᠤᠷᠭᠠᠭᠤᠯᠢ ᠳᠠᠭᠠᠨ ᠰᠢᠯᠭᠠᠵᠦ ᠤᠷᠤᠬᠰᠠᠨ ᠤ ᠲᠠᠷᠠᠭ᠎ᠠ ᠶᠠᠮᠠᠷ ᠨᠤᠮ ᠤᠡᠭᠰᠢᠬᠤ ᠲᠤᠷ᠎ᠠ ᠲᠠᠢ ᠪᠤᠯ ᠲᠡᠭᠦᠨ ᠢᠶᠠᠨ ᠤᠡᠭᠰᠢ᠂ ᠤᠳᠤ ᠬᠢᠴᠢᠶᠠᠯ ᠤᠨ ᠨᠤᠮ ᠢᠶᠠᠨ ᠯᠡ ᠰᠠᠶᠢᠨ ᠦᠵᠠᠵᠤ ᠰᠠᠶᠢᠨ ᠰᠢᠯᠭᠠᠭᠤᠯᠬᠤ ᠶᠢ ᠪᠤᠳᠤ ᠬᠡᠳ ᠰᠤᠯᠠ ᠨᠤᠮ ᠤᠡᠭᠰᠢᠭᠤᠯᠳᠠᠭ ᠦᠭᠡᠢ᠃ ᠡᠨᠡ ᠪᠤᠯ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠲᠤᠯᠭᠠᠷᠠᠵᠦ ᠪᠠᠶᠢᠭ᠎ᠠ ᠶᠠᠭᠠᠬᠢᠬᠤ ᠶᠢᠨ ᠠᠷᠭ᠎ᠠ ᠦᠭᠡᠢ ᠪᠤᠳᠠᠳᠠᠢ ᠠᠰᠠᠭᠤᠳᠠᠯ ᠮᠦᠨ᠂ ᠬᠡᠪᠡᠴᠤ ᠠᠷᠭ᠎ᠠ ᠪᠠᠷᠢᠯ ᠢᠶᠠᠨ ᠠᠩᠬᠠᠷᠪᠠᠯ ᠡᠨᠡ ᠵᠦᠷᠢᠴᠡᠯ ᠢ ᠰᠶᠢᠳᠪᠤᠷᠢᠯᠠᠵᠦ ᠪᠤᠯᠤᠨ᠎ᠠ᠃      ᠨᠤᠮ ᠪᠤᠯ  ᠲᠡᠭᠡᠭᠰᠢ ᠲᠠᠪᠰᠢᠬᠤ ᠱᠠᠳᠤ ᠮᠦᠨ᠃ ᠲᠡᠭᠡᠬᠦᠯᠡᠷ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠴᠤ ᠴᠠᠭ ᠢᠶᠠᠨ ᠵᠤᠬᠢᠰᠳᠠᠢ ᠲᠤᠬᠢᠷᠠᠭᠤᠯᠤᠨ᠂ ᠠᠷᠭ᠎ᠠ ᠪᠠᠨ ᠪᠦᠳᠦᠮᠵᠢᠳᠡᠢ ᠪᠠᠶᠢᠯᠭᠠᠪᠠᠯ ᠤᠯᠠᠨ ᠰᠠᠶᠢᠬᠠᠨ ᠬᠢᠴᠢᠶᠡᠯ ᠤᠨ ᠭᠠᠳᠠᠭᠤᠷᠬᠢ ᠰᠤᠯᠠ ᠨᠤᠮ ᠤᠩᠰᠢᠵᠤ᠂ ᠮᠡᠳᠡᠯᠭᠡ ᠮᠡᠳᠡᠴᠡ ᠪᠠᠨ ᠦᠷᠭᠡᠵᠢᠭᠦᠯᠵᠦ᠂ ᠡᠷᠳᠡᠮ ᠴᠢᠳᠠᠪᠤᠷᠢ ᠪᠠᠨ ᠨᠡᠮᠡᠭᠳᠡᠬᠦᠯᠵᠦ ᠪᠤᠯᠬᠤ ᠶᠤᠮ ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号