ᠡᠪᠤᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠦᠪᠡᠷ ᠦᠪᠡᠷ ᠤᠨ ᠤᠨᠴᠠᠯᠢᠭ ᠢᠶᠠᠷ ᠬᠦᠭᠵᠢᠶᠡᠨᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/1/29
     ᠡᠨᠡ ᠡᠪᠦᠯ ᠠᠴᠠ ᠨᠠᠭᠠᠰᠢ᠂ ᠪᠦᠬᠦ ᠤᠷᠤᠨ ᠤ ᠡᠯ᠎ᠡ ᠭᠠᠵᠠᠷ ᠨᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠣᠯᠠᠨ ᠳᠡᠰ ᠳᠠᠪᠬᠤᠷᠭ᠎ᠠ ᠪᠠᠷ ᠬᠦᠨᠴᠡ ᠲᠠᠢ ᠨᠠᠷᠢᠯᠢᠭ ᠤᠬᠠᠭᠤᠯᠵᠤ᠂ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠵᠠᠮ ᠱᠤᠭᠤᠮ ᠪᠠ ᠦᠢᠯᠡᠳᠬᠦᠨ ᠢ ᠲᠠᠨᠢᠯᠴᠠᠭᠤᠯᠤᠨ᠂ ᠪᠠᠶᠠᠷ ᠲᠤᠷᠠᠰᠬᠠᠯ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠦᠷᠭᠦᠯᠵᠢᠯᠡᠨ ᠬᠦᠭᠵᠢᠭᠡᠵᠦ᠂ ᠵᠢᠭᠤᠯᠴᠢᠯᠠᠯ ᠬᠢᠭᠡᠳ ᠪᠡᠶ᠎ᠠ ᠲᠠᠮᠢᠷ᠂ ᠠᠷᠠᠳ ᠤᠨ ᠵᠠᠩ ᠵᠠᠩᠰᠢᠯ᠂ ᠬᠡᠭᠡᠷ᠎ᠡ ᠪᠠᠭᠤᠳᠠᠯᠯᠠᠬᠤ᠂ ᠬᠡᠭᠡᠷᠡᠯᠡᠬᠦ ᠵᠡᠷᠭᠡ ᠰᠢᠨ᠎ᠡ ᠬᠡᠯᠪᠡᠷᠢ  ᠎ ᠶᠢᠨ ᠵᠢᠭᠤᠯᠴᠢᠯᠠᠯ ᠤᠨ ᠡᠵᠡᠩᠨᠡᠯᠲᠡ  ᠎ ᠶᠢᠨ ᠬᠡᠯᠪᠡᠷᠢ ᠪᠠᠶᠢᠳᠠᠯ ᠢ ᠨᠠᠩ ᠪᠠᠶᠠᠯᠢᠭᠵᠢᠭᠤᠯᠵᠤ᠂ ᠡᠪᠤᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠦᠪᠡᠷ ᠦᠪᠡᠷ ᠤᠨ ᠤᠨᠴᠠᠯᠢᠭ ᠢᠶᠠᠷ ᠬᠦᠭᠵᠢᠶᠡᠨᠳᠠᠢ ᠶᠠᠪᠤᠭᠳᠠᠵᠤ ᠪᠠᠶᠢᠨ᠎ᠠ᠃      2024 ᠤᠨ ᠤ ᠰᠢᠨ᠎ᠠ ᠤᠨ ᠤ ᠠᠮᠠᠷᠠᠯᠳᠠ ᠶᠢᠨ ᠬᠤᠭᠤᠴᠠᠭᠠᠨ ᠳᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠯ᠎ᠡ ᠲᠦᠷᠦᠯ ᠤᠨ ᠲᠠᠯᠠᠪᠠᠢ ᠣᠷᠳᠣᠨ ᠪᠦᠬᠦᠨ ᠢᠶᠠᠷ ᠢᠶᠠᠨ ᠨᠡᠭᠡᠭᠡᠵᠦ᠂ ᠪᠥᠬᠦ ᠤᠯᠤᠰ ᠤᠨ 1000 ᠰᠢᠬᠠᠮ ᠮᠠᠰᠢᠨ ᠲᠡᠷᠭᠡ ᠤᠷᠤᠯᠴᠠᠭᠰᠠᠨ ︽ᠮᠢᠩᠭᠠᠨ ᠲᠡᠷᠭᠡ ᠲᠦᠮᠡᠨ ᠬᠥᠮᠦᠨ︾᠎ ᠤ ᠬᠤᠯᠠᠨ ᠰᠢᠷᠭ᠎ᠠ ᠲᠠᠭ᠎ᠠ  ᠎ ᠶᠢᠨ ᠡᠯᠡᠰᠦᠷᠬᠡᠭ ᠭᠠᠵᠠᠷ ᠢ ᠳᠤᠭᠤᠯᠬᠤ ᠠᠵᠢᠯᠯᠠᠭ᠎ᠠ ᠬᠦᠷ ᠬᠦᠭᠵᠢᠶᠡᠨᠳᠠᠢ ᠶᠠᠪᠤᠭᠳᠠᠵᠤ᠂ ᠭᠠᠳᠠᠨ᠎ᠠ ᠤᠷᠤᠨ ᠤ ᠬᠦᠮᠦᠰ ᠤᠨ ᠦᠪᠦᠷ ᠮᠤᠩᠭᠤᠯ ᠤᠨ ᠰᠦᠷᠯᠢᠭ ᠰᠠᠶᠢᠬᠠᠨ ᠠᠭᠤᠯᠠ ᠤᠰᠤ  ᠎ ᠶᠢᠨ ᠲᠤᠬᠠᠶ ᠣᠶᠢᠯᠠᠭᠠᠯᠲᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠰᠢᠯᠢ ᠶᠢᠨ ᠭᠤᠤᠯ ᠠᠶᠢᠮᠠᠭ ᠤᠨ ᠡᠪᠦᠯ ᠤᠨ ᠤᠯᠠᠷᠢᠯ ᠤᠨ ᠵᠢᠭᠤᠯᠴᠢᠯᠠᠯ ᠢ ᠰᠢᠨ᠎ᠡ ᠣᠷᠭᠢᠯ ᠳᠤ ᠬᠦᠷᠭᠡᠪᠡ᠃  ᠰᠢᠯᠤᠭᠤᠨ ᠬᠥᠬᠡ ᠬᠤᠰᠢᠭᠤ ᠵᠡᠷᠭᠡ ᠭᠠᠵᠠᠷ ᠤᠨ ᠬᠢᠨ ᠮᠥᠰᠥ ᠴᠠᠰᠤᠨ ᠤ ᠨᠠᠶᠢᠷ᠂ ᠮᠥᠰᠥ ᠴᠠᠰᠤᠨ ᠤ ᠨᠠᠭᠠᠳᠤᠮ ᠵᠡᠷᠭᠡ ᠠᠵᠢᠯᠯᠠᠭ᠎ᠠ ᠥᠷᠨᠢᠭᠦᠯᠵᠦ᠂ ᠬᠤᠲᠠ  ᠎ ᠶᠢᠨ ᠠᠷᠠᠳ ᠬᠢᠭᠡᠳ ᠵᠢᠭᠤᠯᠴᠢᠯᠠᠭᠰᠠᠳ ᠲᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠣᠶᠢᠯᠠᠭᠠᠭᠤᠯᠵᠤ᠂ ᠨᠤᠲᠤᠭ ᠤᠨ ᠰᠣᠶᠣᠯ ᠎ ᠢᠶᠠᠨ ᠤᠯᠠᠮᠵᠢᠯᠠᠨ ᠵᠠᠯᠭᠠᠮᠵᠢᠯᠠᠵᠤ᠂ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠭᠤᠯᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号