ᠪᠦᠵᠢᠭᠳᠦ ᠵᠦᠴᠦᠭᠡ ︽ᠮᠣᠷᠢᠲᠤ ᠴᠡᠷᠢᠭ︾ ᠸᠧᠨ ᠬᠤᠧᠠ ᠱᠠᠩᠨᠠᠯ ᠲᠤᠰᠴᠠᠢ
ᠨᠡᠶᠢᠲᠡᠯᠡᠭᠰᠡᠨ ᠴᠠᠭ᠄
2024/1/29
     ᠤᠷᠴᠢᠮᠬᠠᠨ ᠾᠧᠪᠸᠢ ᠮᠤᠵᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠶᠠᠪᠤᠭᠳᠠᠭᠰᠠᠨ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠯᠢᠭ ᠤᠨ ᠨᠠᠶᠢᠷ ᠤᠨ ᠲᠡᠭᠦᠰᠭᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠵᠤᠬᠢᠶᠠᠨ ᠪᠦᠳᠦᠭᠡᠭᠰᠡᠨ ᠪᠦᠵᠢᠭᠳᠦ ᠵᠦᠴᠦᠭᠡ ︽ᠮᠣᠷᠢᠲᠤ ᠴᠡᠷᠢᠭ︾ ᠠᠷᠪᠠᠨ ᠳᠣᠯᠣᠳᠤᠭᠠᠷ ᠬᠤᠭᠤᠴᠠᠭᠠᠨ ᠤ ᠸᠧᠨ ᠬᠤᠸᠠ ᠱᠠᠩᠨᠠᠯ ᠢ ᠬᠦᠷᠳᠡᠪᠡ᠃      ᠪᠦᠵᠢᠭᠳᠦ ᠵᠦᠴᠦᠭᠡ ︽ᠮᠣᠷᠢᠲᠤ ᠴᠡᠷᠢᠭ︾ ᠪᠣᠯ ᠳᠤᠮᠳᠠᠳᠤ ᠤᠯᠤᠰ ᠤᠨ ᠲᠠᠶᠢᠰᠠᠨ ᠤ ᠤᠷᠠᠯᠢᠭ ᠳᠡᠭᠡᠷᠡᠬᠢ ᠠᠩᠬᠠᠳᠠᠭᠴᠢ ᠮᠣᠷᠢᠲᠤ ᠴᠡᠷᠢᠭ ᠢᠶᠠᠷ ᠰᠡᠳᠦᠪᠯᠡᠭᠰᠡᠨ ᠪᠥᠵᠢᠭᠲᠦ ᠵᠦᠴᠦᠭᠡ ᠶᠤᠮ᠃ ᠵᠦᠴᠦᠭᠡ ᠳᠤ᠂ ᠮᠣᠩᠭᠤᠯ ᠵᠠᠯᠠᠭᠤ ᠴᠢᠯᠠᠭᠤ ᠲᠡᠦᠬᠡ  ᠎ ᠶᠢᠨ ᠵᠠᠩᠭᠢᠯᠠᠭ᠎ᠠ  ᠎ ᠶᠢᠨ ᠦᠶ᠎ᠡ ᠳᠤ ᠡᠷᠡᠰ ᠰᠢᠭᠤᠷᠬᠠᠢ ᠰᠤᠩᠭᠤᠯᠳᠠ ᠬᠢᠵᠦ᠂ ᠡᠷᠡᠯᠬᠡᠭ ᠪᠠᠭᠠᠲᠤᠷᠯᠢᠭ ᠮᠣᠷᠢᠳᠦ ᠴᠡᠷᠢᠭ ᠪᠣᠯᠤᠨ ᠬᠦᠮᠦᠵᠢᠭᠳᠡᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠳᠤ ᠲᠡᠦᠬᠡᠲᠦ ᠴᠢᠨᠠᠷᠲᠠᠢ ᠭᠠᠪᠢᠶ᠎ᠠ ᠵᠢᠳᠬᠦᠯ ᠦᠵᠡᠭᠦᠯᠦᠭᠰᠡᠨ ᠥᠩᠭᠡᠷᠡᠯᠲᠡ ᠶᠢ ᠳᠡᠯᠭᠡᠵᠦ᠂ ᠥᠪᠥᠷ ᠮᠣᠩᠭᠤᠯ ᠤᠨ ᠠᠷᠠᠳ ᠲᠦᠮᠡᠨ ᠤ ᠡᠬᠡ ᠣᠷᠣᠨᠴᠢ ᠰᠡᠳᠭᠢᠯᠭᠡ ᠪᠠ ᠮᠤᠩᠭᠤᠯ ᠮᠤᠷᠢᠨ ᠤ ᠴᠤᠴᠠᠯᠳᠠ ᠦᠭᠡᠢ ᠤᠷᠤᠭᠰᠢᠯᠠᠬᠤ ᠵᠤᠷᠢᠭ ᠰᠠᠨᠠᠭ᠎ᠠ ᠶᠢ ᠮᠠᠭᠲᠠᠨ ᠳᠠᠭᠤᠯᠠᠵᠦ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠤᠨ ᠬᠦᠰᠡᠯ ᠮᠦᠷᠦᠭᠡᠳᠦᠯ ᠢ ᠬᠠᠷᠠᠭᠤᠯᠵᠦ᠂ ᠬᠥᠮᠦᠨ ᠴᠢᠨᠠᠷ ᠤᠨ  ᠭᠤᠸ᠎ᠠ ᠰᠠᠶᠢᠬᠠᠨ ᠢ ᠦᠵᠡᠬᠦᠯᠦᠭᠰᠡᠨ ᠤᠷᠠᠯᠢᠭ ᠤᠨ ᠪᠦᠲᠦᠭᠡᠯ ᠪᠤᠯᠬᠤ ᠶᠤᠮ᠃ ᠲᠣᠰ ᠪᠥᠵᠢᠭᠲᠦ ᠵᠦᠴᠦᠭᠡ ᠶᠢ 2019 ᠣᠨ ᠳᠤ ᠵᠣᠬᠢᠶᠠᠨ ᠪᠦᠲᠦᠭᠡᠵᠦ᠂ ᠤᠷᠢᠳ ᠬᠤᠵᠢᠳ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠤᠨ ︽ ᠯᠢᠩᠬᠸ᠎ᠠ ᠱᠠᠩᠨᠠᠯ︾᠂ ᠳᠤᠮᠳᠠᠳᠤ ᠤᠯᠤᠰ ᠤᠨ ᠬᠡᠪᠯᠡᠯ ᠤᠨ ᠡᠷᠬᠡ ᠶᠢᠨ ᠬᠠᠮᠤᠭ ᠤᠨ ᠰᠠᠶᠢᠨ ᠠᠭᠤᠯᠭ᠎ᠠ ᠶᠢ ᠵᠣᠬᠢᠶᠠᠨ ᠪᠦᠲᠦᠭᠡᠭᠰᠡᠨ ᠱᠠᠩᠨᠠᠯ ᠵᠡᠷᠭᠡ ᠱᠠᠩᠨᠠᠯ ᠢ ᠭᠥᠷᠳᠡᠪᠡ᠃      ︽ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠪᠥᠵᠢᠭᠲᠦ ᠵᠦᠴᠦᠭᠡ ︿ᠮᠣᠷᠢᠲᠤ ᠴᠡᠷᠢᠭ﹀᠎ ᠢ ᠵᠣᠬᠢᠶᠠᠨ ᠪᠦᠲᠦᠭᠡᠬᠦ ᠪᠣᠯᠪᠠᠰᠤᠷᠠᠯ ᠳᠤᠮᠳᠠ᠂ ᠲᠥᠷᠥᠯ ᠵᠦᠢᠯ ᠤᠨ ᠬᠠᠷᠢᠭᠤᠴᠠᠯᠭᠠᠲᠠᠨ ᠤ ᠲᠦᠷᠢᠮ ᠢ ᠬᠡᠷᠡᠭᠵᠢᠭᠦᠯᠵᠦ᠂ ᠵᠦᠴᠦᠭᠡ ᠪᠠᠷ ᠪᠦᠯᠬᠦᠮ ᠢ ᠳᠠᠶᠢᠴᠢᠯᠠᠬᠤ᠂ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠵᠣᠷᠢᠭᠲᠠᠶ ᠪᠠᠷ ᠥᠭᠡᠷᠡᠴᠢᠯᠡᠯᠲᠡ ᠬᠢᠪᠠ᠃ ᠡᠨᠡ ᠤᠳᠠᠭᠠᠨ ᠤ ᠠᠮᠵᠢᠯᠳᠠ ᠪᠤᠯ ᠮᠠᠨ ᠤ ᠬᠦᠷᠢᠶᠡᠯᠡᠩ ᠤᠨ ᠤᠷᠠᠯᠢᠭ ᠤᠨ ᠵᠣᠬᠢᠶᠠᠨ ᠪᠦᠲᠦᠭᠡᠯᠭᠡ ︿ᠥᠨᠳᠦᠷᠯᠢᠭ﹀᠎ ᠠᠴᠠ ︿ᠤᠷᠬᠢᠯ﹀ ᠲᠡᠶᠢᠰᠢ ᠤᠷᠤᠭᠰᠢᠯᠠᠬᠤ ᠶᠢ ᠪᠡᠶᠡᠯᠡᠬᠦᠯᠵᠦ᠂ ᠪᠢᠳᠡ ᠡᠨᠡ ᠬᠦ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠦ ᠪᠠᠶᠢᠨ᠎ᠠ︾ ᠭᠡᠵᠦ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠦᠷᠢᠶᠡᠯᠡᠩ ᠤᠨ ᠳᠠᠷᠤᠭ᠎ᠠ ᠯᠢ ᠯᠢ ᠬᠡᠯᠡᠪᠡ᠃      ᠸᠧᠨ ᠬᠤᠸᠠ ᠱᠠᠩᠨᠠᠯ ᠪᠣᠯ ᠳᠤᠮᠳᠠᠳᠤ ᠤᠯᠤᠰ ᠤᠨ ᠲᠠᠶᠢᠰᠠᠨ ᠤ ᠲᠣᠭᠯᠠᠯᠲᠠ ᠶᠢᠨ ᠤᠷᠠᠯᠢᠭ ᠤᠨ ᠵᠠᠰᠠᠭ ᠤᠨ ᠣᠷᠳᠣᠨ ᠤ ᠬᠠᠮᠤᠭ ᠤᠨ ᠳᠡᠭᠡᠳᠦ ᠱᠠᠩᠨᠠᠯ ᠪᠠᠶᠢᠵᠤ᠂ 1991 ᠤᠨ ᠳᠤ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠪᠠᠶᠢᠭᠤᠯᠤᠨ᠂ ᠭᠤᠷᠪᠠᠨ ᠵᠢᠯ ᠳᠤ ᠨᠢᠭᠡ ᠤᠳᠠᠭ᠎ᠠ ᠰᠢᠯᠭᠠᠷᠠᠭᠤᠯᠳᠠᠭ᠃ ᠪᠦᠵᠢᠭᠳᠦ ᠵᠦᠴᠦᠭᠡ ︽ᠮᠣᠷᠢᠲᠤ ᠴᠡᠷᠢᠭ︾ ᠪᠣᠯ ᠲᠣᠰ ᠤᠳᠠᠭᠠᠨ ᠤ ᠸᠧᠨ ᠬᠤᠸᠠ ᠱᠠᠩᠨᠠᠯ ᠤᠨ ᠰᠢᠯᠭᠠᠷᠠᠭᠤᠯᠤᠯᠲᠠ ᠳᠤ ᠰᠤᠩᠭᠤᠭᠳᠠᠭᠰᠠᠨ ᠥᠪᠥᠷ ᠮᠣᠩᠭᠤᠯ ᠤᠨ ᠴᠣᠷ ᠤᠨ ᠭᠠᠭᠴᠠ ᠪᠦᠲᠦᠭᠡᠯ ᠪᠣᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号