ᠤᠯᠠᠭᠠᠨᠮᠦ᠋ᠴᠢᠷ ᠤᠨ ᠪᠠᠳᠠᠷᠠᠩᠭᠤᠢ ᠲᠦᠯᠦ ᠤᠨᠳᠠᠷᠠᠰᠢ ᠦᠬᠡᠢ ᠲᠦᠷᠡᠯᠵᠡᠨᠡᠮ
ᠨᠡᠶᠢᠲᠡᠯᠡᠭᠰᠡᠨ ᠴᠠᠭ᠄
2024/1/29
     ᠲᠤᠯᠭᠠᠭᠤᠷᠢ ᠪᠣᠯ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠨᠢᠭᠡᠳᠦᠭᠡᠷ ᠦᠶ᠎ᠡ ᠶᠢᠨ ᠲᠤᠭᠯᠠᠬᠴᠢ᠂ ᠠᠯᠳᠠᠷᠲᠤ ᠤᠷᠠᠯᠢᠭᠴᠢᠨ ᠶᠤᠮ᠃ ᠦᠳᠡᠰᠢᠯᠡᠭᠡ ᠳᠤ ᠲᠡᠭᠦᠨ ᠤ ᠵᠣᠬᠢᠶᠠᠨ ᠪᠦᠲᠦᠭᠡᠭᠰᠡᠨ ᠮᠢᠩᠭ᠎ᠠ ᠰᠢᠬᠠᠮ ᠪᠦᠲᠦᠭᠡᠯ ᠠᠴᠠ ︽ᠦᠩᠭᠡᠳᠦ ᠰᠤᠯᠤᠩᠭ᠎ᠠ︾᠂ ︽ᠡᠬᠡ ᠶᠢᠨ ᠬᠠᠶᠢᠷ᠎ᠠ︾᠂ ︽ᠠᠮᠤᠭᠤᠯᠠᠩᠳᠦ ᠨᠠᠭᠠᠳᠤᠮ︾᠂ ︽ᠤᠳᠠᠰᠤᠳᠤ ᠬᠤᠪᠢᠰ ᠶᠤᠭᠠᠨ ᠴᠢᠪᠬᠠᠳᠠᠵᠦ ᠤᠶᠠᠩᠭᠠᠳᠦ ᠳᠠᠭᠤᠤ ᠪᠠᠨ ᠳᠠᠭᠤᠯᠠᠶ᠎ᠠ︾᠂ ︽ᠴᠢᠨᠳᠠᠭᠠᠨ ᠴᠠᠭᠠᠨ ᠮᠤᠷᠢᠨ ᠤ ᠮᠠᠭᠳᠠᠭᠠᠯ︾᠂ ︽ᠮᠠᠯᠴᠢᠨ ᠲᠦᠮᠡᠨ ᠡᠪ ᠬᠠᠮᠳᠦ ᠨᠠᠮ ᠢᠶᠠᠨ ᠮᠠᠭᠳᠠᠨ ᠳᠠᠭᠤᠯᠠᠨ᠎ᠠ︾ ᠵᠡᠷᠭᠡ 14 ᠰᠣᠩᠭᠤᠳᠠᠭ ᠪᠦᠲᠦᠭᠡᠯ ᠢ ᠰᠢᠨ᠎ᠡ ᠪᠠᠷ ᠨᠠᠶᠢᠷᠠᠭᠤᠯᠤᠨ ᠳᠠᠭᠤᠯᠠᠵᠦ᠂ ᠦᠶ᠎ᠠ ᠦᠶ᠎ᠠ ᠶᠢᠨ ᠤᠯᠠᠭᠠᠨᠮᠦ᠋ᠴᠢᠷ ᠤᠨ ᠲᠤᠭᠯᠠᠭᠴᠢᠳ ᠤᠨ ᠨᠠᠮ ᠢᠶᠠᠨ ᠬᠦᠷᠢᠶᠡᠯᠡᠵᠦ᠂ ᠨᠠᠮ ᠢᠶᠠᠨ ᠲᠠᠭᠠᠨ᠂ ᠠᠷᠠᠳ ᠲᠦᠮᠡᠨ ᠳᠤ ᠦᠢᠯᠡᠴᠢᠯᠡᠬᠦ ᠰᠢᠯᠢᠳᠡᠭ ᠤᠯᠠᠮᠵᠢᠯᠠᠯ ᠢ ᠬᠠᠷᠠᠭᠤᠯᠵᠠᠢ᠃      ᠦᠳᠡᠰᠢᠯᠡᠭᠡ ᠶᠢᠨ ᠳᠠᠶᠢᠰᠠᠨ ᠳᠤ ᠠᠬᠠᠮᠠᠳ ᠤᠷᠠᠯᠢᠭᠴᠢᠨ ᠲᠤᠯᠭᠠᠭᠤᠷᠢ ᠶᠢᠨ ᠬᠠᠮᠳᠦ ᠠᠵᠢᠯᠳᠠᠨ᠂ ᠲᠦᠷᠦᠯ ᠰᠠᠳᠤᠨ  ᠨᠠᠶᠢᠵᠠ ᠨᠦᠬᠦᠳ ᠨᠢ ᠸᠢᠳᠢᠣ᠋ ᠰᠢᠩᠭᠡᠭᠡᠯᠳᠡ ᠪᠠᠷ ᠲᠡᠬᠦᠨ ᠤ ᠤᠷ᠎ᠠ ᠠᠪᠢᠶᠠᠰ ᠵᠢᠴᠢ ᠤᠶᠢᠭ᠎ᠠ ᠦᠬᠡᠢ ᠬᠦᠳᠡᠯᠮᠦᠷᠢ ᠵᠢᠳᠬᠦᠯ ᠢ ᠱᠠᠭᠰᠢᠨ ᠮᠠᠬᠳᠠᠪᠠ᠃      ︽ᠮᠠᠯᠴᠢᠨ ᠲᠦᠮᠡᠨ ᠡᠪ ᠬᠠᠮᠳᠦ ᠨᠠᠮ ᠢᠶᠠᠨ ᠮᠠᠭᠳᠠᠨ ᠳᠠᠭᠤᠯᠠᠨ᠎ᠠ︾ ᠭᠡᠬᠦ ᠳᠠᠭᠤᠤ ᠪᠠᠷ ᠦᠳᠡᠰᠢᠯᠡᠭᠡ ᠳᠡᠬᠦᠰ ᠠᠮᠵᠢᠯᠲᠠ ᠲᠠᠢ ᠵᠢᠷᠭᠠᠯ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠤᠳᠬ᠎ᠠ ᠤᠷᠠᠯᠢᠭ ᠤᠨ ᠬᠦᠩᠬᠡᠨ ᠮᠤᠷᠢᠲᠦ ᠴᠡᠷᠢᠭ ᠰᠢᠨ᠎ᠡ ᠠᠶᠠᠨ ᠳᠠᠭᠠᠨ ᠮᠤᠷᠳᠠᠯ᠎ᠠ᠃ ᠳᠡᠳᠡ ᠤᠭ ᠰᠠᠨᠠᠭ᠎ᠠ ᠪᠠᠨ ᠦᠯᠦ ᠮᠠᠷᠳᠠᠨ᠂ ᠴᠤᠴᠠᠯᠳᠠ ᠦᠬᠡᠢ ᠤᠷᠤᠭᠰᠢᠯᠠᠨ᠂ ᠤᠯᠠᠭᠠᠨᠮᠥ᠋ᠴᠢᠷ ᠤᠨ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ︽ᠤᠮᠠᠷᠠᠲᠤ ᠬᠢᠯᠢ ᠶᠢᠨ ᠰᠣᠶᠣᠯ︾᠎ ᠤᠨ ᠲᠦᠷᠦᠯ ᠲᠡᠮᠳᠡᠭ ᠢ ᠴᠣᠭᠴᠠᠯᠠᠬᠤ ᠳᠤ ᠬᠦᠴᠦᠨ ᠨᠡᠮᠡᠷᠢᠯᠡᠵᠦ᠂ ᠬᠤᠶᠠᠷ ᠶᠡᠭᠡ ᠶᠠᠪᠤᠳᠠᠯ ᠢ ᠰᠠᠶᠢᠳᠤᠷ ᠪᠡᠶᠡᠯᠡᠬᠦᠯᠬᠦ ᠳᠤ ᠤᠯᠠᠭᠠᠨᠮᠥ᠋ᠴᠢᠷ ᠤᠨ ᠬᠦᠴᠦᠨ ᠴᠢᠳᠠᠯ ᠢᠶᠠᠨ ᠡᠷᠬᠦᠭᠰᠡᠭᠡᠷ ᠶᠤᠮ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号