︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠲᠦᠷᠢᠮ︾᠎ ᠢ ᠬᠡᠷᠡᠭᠵᠢᠭᠦᠯᠵᠦ ᠴᠢᠳᠠᠪᠤᠷᠢᠲᠠᠨ ᠤ ᠭᠦᠭᠵᠢᠯᠳᠠ ᠳᠤ ᠬᠠᠤᠯᠢ ᠶᠢᠨ ᠪᠠᠳᠤᠯᠠᠭ᠎ᠠ ᠬᠠᠩᠭᠠᠵᠦ ᠬᠤᠶᠠᠷ ᠶᠡᠭᠡ ᠶᠠᠪᠤᠳᠠᠯ ᠢ ᠪᠡᠶᠡᠯᠡᠬᠦᠯᠬᠦ ᠳᠤ ᠬᠥᠳᠡᠯᠭᠡᠭᠦ ᠭᠦᠴᠦᠨ ᠤᠯᠭᠤᠨ᠎ᠠ
ᠨᠡᠶᠢᠲᠡᠯᠡᠭᠰᠡᠨ ᠴᠠᠭ᠄
2024/1/29
     ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠳᠠᠪᠤᠷᠢᠲᠠᠨ ᠤ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠳᠠᠪᠤᠷᠢᠲᠠᠨ ᠤ ᠬᠥᠭᠵᠢᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠪᠠᠷ ᠳᠠᠮᠵᠢᠭᠤᠯᠤᠨ ᠴᠢᠳᠠᠪᠤᠷᠢᠲᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ  ᠬᠦᠴᠢᠷᠳᠡᠯ  ᠪᠠ  ᠲᠦᠭᠵᠢᠷᠡᠯ  ᠢ  ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠎ ᠢ ᠬᠢᠨᠠᠨ ᠵᠥᠪᠯᠡᠵᠦ ᠪᠠᠲᠤᠯᠠᠭᠠᠳ᠂ 2024 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠤᠨ᠎ᠠ᠃      ᠳᠤᠰ ︽ᠲᠦᠷᠢᠮ︾᠎ ᠨᠢ ᠨᠡᠶᠢᠲᠡ 6 ᠪᠦᠯᠦᠭ 69 ᠵᠦᠢᠯ ᠢᠶᠠᠷ ᠪᠦᠷᠢᠯᠳᠦᠵᠦ᠂ ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠦᠢᠯᠡᠳᠦᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠴᠢᠳᠠᠪᠤᠷᠢᠲᠠᠨ ᠢ ᠬᠥᠮᠦᠵᠢᠭᠦᠯᠵᠦ ᠨᠡᠭᠡᠭᠡᠨ ᠬᠥᠭᠵᠢᠭᠦᠯᠬᠦ᠂ ᠣᠷᠣᠭᠤᠯᠤᠨ ᠠᠪᠴᠢᠷᠠᠬᠤ᠂ ᠰᠢᠯᠵᠢᠭᠦᠯᠦᠨ ᠬᠡᠷᠡᠭᠯᠡᠬᠦ᠂ ᠦᠨᠡᠯᠡᠨ ᠤᠷᠮᠠᠰᠢᠭᠤᠯᠬᠤ᠂ ᠦᠢᠯᠡᠴᠢᠯᠡᠨ ᠪᠠᠲᠤᠯᠠᠬᠤ ᠵᠡᠷᠭᠡ ᠲᠠᠯ᠎ᠠ ᠠᠴᠠ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠶ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠤᠯᠤᠨ᠎ᠠ᠃      ᠵᠢᠯᠣᠭᠤᠳᠬᠤ ᠦᠵᠡᠯ ᠰᠠᠨᠠᠭ᠎ᠠ ᠎ ᠪᠠᠨ ᠲᠣᠳᠣᠷᠬᠠᠶᠢᠯᠠᠵᠤ᠂ ᠴᠢᠳᠠᠪᠤᠷᠢᠲᠠᠨ ᠤ ᠬᠥᠭᠵᠢᠯᠲᠡ  ᠶᠢᠨ ᠵᠥᠪ ᠴᠢᠭᠯᠡᠯ ᠢ ᠪᠠᠷᠢᠮᠲᠠᠯᠠᠨ᠎ᠠ᠃ ᠴᠢᠳᠠᠪᠤᠷᠢᠲᠠᠨ ᠢ ᠬᠥᠮᠦᠵᠢᠭᠦᠯᠵᠦ ᠨᠡᠭᠡᠭᠡᠨ ᠬᠥᠭᠵᠢᠭᠦᠯᠬᠦ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠴᠢᠳᠠᠪᠤᠷᠢᠲᠠᠨ ᠤ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢ ᠲᠦᠷᠦᠯ ᠬᠤᠪᠢᠶᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠨ᠎ᠠ᠃ ᠴᠢᠳᠠᠪᠤᠷᠢᠲᠠᠨ ᠢ ᠤᠷᠮᠠᠰᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠦᠯᠡᠳᠡᠭᠡᠨ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号