ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ —— ᠮᠤᠩᠭᠤᠯ ᠶᠤᠸᠠᠨ ᠤ ᠰᠤᠶᠤᠯ ᠢ ᠠᠯᠳᠠᠷᠰᠢᠭᠤᠯᠬᠤ ᠶᠢᠨ ᠬᠡᠬᠡᠪᠴᠢ
ᠨᠡᠶᠢᠲᠡᠯᠡᠭᠰᠡᠨ ᠴᠠᠭ᠄
2024/1/29
     ᠶᠤᠸᠠᠨ ᠤ ᠲᠡᠭᠡᠳᠦ ᠨᠡᠶᠢᠰᠯᠡᠯ ᠬᠡᠵᠦ ᠶᠠᠷᠢᠬᠤ ᠪᠠᠷ ᠬᠦᠮᠦᠰ ᠶᠠᠭᠤᠨ ᠠᠨᠳᠠᠬᠤ ᠪᠢᠯᠠ᠃ ᠰᠢᠯᠤᠭᠤᠨ ᠬᠦᠬᠡ ᠬᠤᠰᠢᠭᠤ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠪᠠᠷ ᠵᠤᠭᠠᠴᠠᠯ ᠤᠨ ᠦᠢᠯᠡᠰ ᠤᠨ ᠲᠤᠯᠤᠭᠠᠶᠢᠯᠠᠭᠴᠢ ᠪᠤᠯᠭᠠᠨ ᠬᠦᠭᠵᠢᠬᠦᠯᠵᠦ ᠪᠠᠶᠢᠬᠤ ᠶᠢᠨ ᠲᠠᠭᠠᠤ ᠮᠤᠩᠭᠤᠯ ᠶᠤᠸᠠᠨ ᠤ ᠰᠤᠶᠤᠯ᠂ ᠶᠤᠸᠠᠨ ᠤ ᠲᠡᠬᠡᠳᠦ ᠨᠡᠶᠢᠰᠯᠡᠯ ᠤᠨ ᠪᠠᠭᠤᠷᠢ  ᠶᠢᠨ ᠨᠦᠯᠦᠬᠡ ᠲᠤᠰᠬᠠᠯ ᠳᠤ ᠬᠠᠨᠳᠤᠭᠤᠯᠤᠨ ᠪᠠᠰᠠ ︽ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ︾ ᠶᠢ ᠪᠠᠶᠢᠭᠤᠯᠵᠦ᠂ ᠡᠬᠦᠨ ᠢᠶᠠᠷ ᠢᠶᠠᠨ ᠪᠠᠰᠠ ᠨᠢᠬᠡᠨ ᠵᠤᠭᠠᠴᠠᠯ ᠤᠨ ᠬᠢᠯᠠᠰ ᠴᠢᠭ ᠪᠤᠯᠭᠠᠵᠦ᠂ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ᠂ ᠰᠢᠯᠤᠭᠤᠨ ᠬᠦᠬᠡ ᠨᠤᠳᠤᠭ ᠶᠢ ᠵᠤᠷᠢᠵᠦ ᠢᠷᠡᠭᠰᠡᠨ ᠵᠤᠭᠠᠴᠠᠭᠰᠠᠳ ᠤᠨ ᠵᠠᠪᠠᠯ ᠤᠴᠢᠬᠤ ᠭᠠᠵᠠᠷ ᠤᠨ ᠨᠢᠬᠡᠨ ᠪᠤᠯᠵᠠᠢ᠃      ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ ᠨᠢ ᠶᠤᠸᠠᠨ ᠤ ᠲᠡᠬᠡᠳᠦ ᠨᠡᠶᠢᠰᠯᠡᠯ ᠤᠨ ᠪᠠᠭᠤᠷᠢ  ᠠᠴᠠ ᠡᠮᠦᠨ᠎ᠠ 5 ᠺᠢᠯᠥᠮᠧᠲᠷ ᠤᠨ ᠵᠠᠢ ᠳᠤ ᠪᠠᠶᠢᠭ᠎ᠠ ᠤᠯᠠᠭᠠᠨᠳᠠᠢ ᠤᠪᠤᠭᠠᠨ ᠤ ᠵᠡᠬᠦᠨ ᠡᠩᠬᠡᠷ ᠲᠤ ᠪᠠᠶᠢᠷᠢᠯᠡᠵᠦ᠂ ᠪᠦᠬᠦᠶᠢᠯᠠ ᠪᠠᠷᠢᠯᠭ᠎ᠠ ᠨᠢ ᠠᠭᠤᠯᠠ ᠶᠢ ᠨᠦᠬᠡᠯᠡᠨ ᠪᠦᠳᠦᠬᠡᠭᠰᠡᠨ ᠪᠤᠯᠬᠤᠷ ᠡᠬᠡ ᠪᠠᠶᠢᠭᠠᠯᠢ ᠪᠤᠯᠤᠨ ᠤᠳᠤᠬᠢ ᠪᠠᠷᠢᠯᠭ᠎ᠠ  ᠶᠢ ᠠᠪᠤᠴᠠᠯᠳᠤᠭᠤᠯᠤᠭᠰᠠᠨ ᠢᠶᠠᠷ ᠢᠶᠠᠨ ᠤᠨᠴᠠᠯᠢᠬᠳᠠᠨ᠎ᠠ᠃      ᠮᠦᠽᠸᠢ ᠶᠢᠨ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 6991 ᠲᠡᠭᠰᠢ ᠲᠦᠷᠪᠡᠯᠵᠢᠨ ᠮᠧᠲᠷ ᠪᠠᠶᠢᠵᠦ᠂ ᠭᠤᠤᠯ ᠪᠠᠷᠢᠯᠭ᠎ᠠ ᠶᠢᠨ ᠲᠠᠯᠠᠪᠠᠢ ᠨᠢ 5701 ᠲᠡᠭᠰᠢ ᠲᠦᠷᠪᠡᠯᠵᠢᠨ ᠮᠧᠲᠷ᠂ ᠠᠭᠤᠯᠠ ᠶᠢ ᠨᠦᠬᠡᠯᠡᠭᠰᠡᠨ ᠭᠠᠵᠠᠷ ᠲᠤᠤᠷᠠᠬᠢ ᠪᠠ ᠭᠠᠵᠠᠷ ᠲᠡᠭᠡᠷᠡᠬᠢ ᠬᠤᠶᠠᠷ ᠲᠠᠪᠬᠤᠷᠯᠢᠭ ᠢᠶᠠᠷ ᠪᠠᠶᠢᠷᠢᠯᠠᠨ᠂ ᠦᠵᠡᠬᠦᠯᠦᠯᠬᠡ ᠶᠢᠨ ᠲᠤᠭᠤᠷᠢᠭ᠂ ᠲᠡᠦᠬᠡ  ᠶᠢᠨ ᠲᠤᠷᠠᠰᠬᠠᠯᠳᠤ ᠵᠦᠢᠯᠡᠰ ᠤᠨ ᠬᠦᠮᠦᠷᠬᠡ᠂ ᠲᠤᠨᠤᠭ ᠲᠦᠬᠦᠬᠡᠷᠦᠮᠵᠢ ᠶᠢ ᠡᠵᠡᠮᠳᠡᠬᠦ ᠲᠤᠭᠤᠷᠢᠭ᠂ ᠲᠠᠩᠰᠠ ᠡᠪᠬᠡᠮᠡᠯ ᠢ ᠬᠠᠮᠢᠶᠠᠷᠬᠤ ᠪᠤᠯᠤᠨ ᠰᠤᠳᠤᠯᠬᠤ ᠲᠤᠭᠤᠷᠢᠭ ᠵᠡᠷᠬᠡ ᠬᠡᠳᠦᠨ ᠬᠡᠰᠡᠭ ᠢᠶᠠᠷ ᠪᠦᠷᠢᠯᠳᠦᠵᠠᠢ᠃ ᠦᠵᠡᠬᠦᠯᠦᠯᠬᠡ  ᠶᠢᠨ ᠲᠤᠭᠤᠷᠢᠭ ᠢᠶᠠᠨ︽ᠠᠯᠳᠠᠷ ᠲᠡᠦᠬᠡ ᠶᠢ ᠮᠡᠳᠡᠷᠡᠬᠦᠢ︾᠂ ︽ᠰᠤᠶᠤᠯ ᠰᠢᠨᠵᠢᠯᠡᠭᠡ ᠶᠢ ᠪᠠᠭ᠋ᠠᠷᠬᠠᠬᠤᠢ︾᠂ ︽ᠰᠢᠨ᠎ᠠ ᠴᠠᠭ ᠢ ᠤᠬᠠᠮᠰᠠᠷᠯᠠᠬᠤᠢ︾  ᠵᠡᠷᠬᠡ ᠬᠡᠳᠦᠨ ᠬᠡᠰᠡᠭ ᠲᠤ ᠬᠤᠪᠢᠶᠠᠵᠦ᠂ ᠱᠠᠩᠳᠤ ᠨᠡᠶᠢᠰᠯᠡᠯ ᠤᠨ ᠡᠰᠨᠢᠯ ᠬᠦᠭᠵᠢᠯ᠂ ᠤᠷᠳᠤᠨ ᠬᠠᠷᠰᠢ ᠶᠢᠨ ᠪᠠᠷᠢᠯᠭ᠎ᠠ ᠶᠢᠨ ᠰᠢᠵᠢᠷ ᠬᠢᠯᠪᠠᠭ᠎ᠠ᠂ ᠨᠡᠬᠦᠳᠡᠯ ᠰᠤᠶᠤᠯ ᠤᠨ ᠪᠤᠯᠪᠠᠰᠤᠨ ᠢ ᠬᠠᠷᠠᠭᠤᠯᠤᠭᠰᠠᠨ ᠪᠠᠷᠢᠯᠭ᠎ᠠ᠂ ᠠᠮᠢᠳᠤᠷᠠᠯ ᠤᠨ ᠪᠠᠶᠢᠳᠠᠯ ᠢ ᠬᠠᠷᠠᠭᠤᠯᠤᠭᠰᠠᠨ ᠵᠢᠷᠤᠭ᠂ ᠮᠠᠯᠵᠢᠬᠤ ᠰᠤᠶᠤᠯ ᠪᠠ ᠲᠡᠷᠢᠶᠠᠯᠠᠬᠤ ᠰᠤᠶᠤᠯ ᠢ ᠲᠡᠭᠡᠳᠦ ᠬᠡᠮᠵᠢᠶ᠎ᠠ ᠪᠠᠷ ᠤᠶᠠᠯᠳᠤᠭᠤᠯᠤᠭᠰᠠᠨ ᠪᠦᠬᠦ ᠵᠦᠢᠯ ᠢ ᠬᠠᠷᠠᠭᠤᠯᠵᠦ ᠴᠢᠳᠠᠬᠤ ᠲᠡᠦᠬᠡ  ᠶᠢᠨ ᠲᠤᠷᠠᠰᠬᠠᠯᠳᠤ ᠵᠦᠢᠯᠡᠰ ᠢ ᠲᠡᠯᠬᠡᠨ ᠦᠵᠡᠬᠦᠯᠵᠦ᠂ ᠡᠳᠡᠬᠡᠷ ᠲᠡᠦᠬᠡ ᠶᠢᠨ ᠲᠤᠷᠠᠰᠬᠠᠯᠳᠦ ᠵᠦᠢᠯᠡᠰ ᠢ ᠲᠡᠯᠬᠡᠨ ᠦᠵᠡᠬᠦᠯᠬᠦ ᠪᠠᠷ ᠲᠠᠮᠵᠢᠭᠤᠯᠵᠦ ᠶᠤᠸᠠᠨ ᠬᠦᠷᠦᠨ ᠤ ᠮᠠᠨᠳᠤᠨ ᠬᠦᠭᠵᠢᠭᠰᠡᠨ ᠲᠡᠦᠬᠡᠨ ᠰᠢᠵᠢᠷ ᠬᠢᠯᠪᠠᠭ᠎ᠠ ᠶᠢ ᠲᠠᠬᠢᠨ ᠢᠯᠡᠷᠡᠬᠦᠯᠵᠦ᠂ ᠶᠤᠸᠠᠨ ᠬᠦᠷᠦᠨ ᠤ ᠤᠯᠤᠰ ᠲᠦᠷᠦ᠂ ᠴᠡᠷᠢᠭ ᠲᠠᠶᠢᠨ᠂ ᠠᠵᠦ ᠠᠬᠤᠢ᠂ ᠤᠯᠠᠨ ᠲᠦᠷᠦᠯ ᠤᠨ ᠰᠤᠶᠤᠯ ᠤᠨ ᠠᠭᠤᠰᠤᠯᠴᠠᠯ᠂ ᠲᠤᠮᠳᠠᠳᠤ ᠤᠷᠤᠨ ᠪᠠ ᠦᠷᠦᠨᠡᠳᠡᠬᠢᠨ ᠤ ᠰᠤᠶᠤᠯ ᠤᠨ ᠰᠤᠯᠢᠯᠴᠠᠭ᠎ᠠ᠂ ᠤᠯᠠᠨ ᠦᠨᠳᠦᠰᠦᠳᠡᠨ ᠲᠠᠢ ᠤᠯᠤᠰ ᠤᠨ ᠨᠢᠬᠡᠳᠦᠯ ᠢ ᠪᠠᠶᠢᠭᠤᠯᠤᠭᠰᠠᠨ ᠵᠡᠷᠬᠡ ᠪᠤᠳᠠᠳᠤ ᠲᠡᠦᠬᠡᠨ ᠬᠡᠷᠡᠴᠢ ᠶᠢ ᠵᠤᠭᠠᠴᠠᠭᠴᠢ᠂ ᠰᠤᠳᠤᠯᠤᠭᠴᠢ ᠳᠤ ᠬᠠᠷᠠᠭᠤᠯᠤᠭᠰᠠᠨ ᠤ ᠬᠠᠮᠳᠤ ᠶᠤᠸᠠᠨ ᠬᠦᠷᠦᠨ ᠤ ᠲᠡᠯᠡᠬᠡᠢ ᠳ᠋ᠠᠬᠢᠨ ᠳᠤ ᠠᠪᠴᠢᠷᠠᠵᠦ ᠦᠭᠬᠦᠭᠰᠡᠨ ᠦᠷ᠎ᠡ ᠨᠦᠯᠦᠬᠡ ᠶᠢ ᠤᠳᠤᠬᠢ ᠬᠦᠮᠦᠰ ᠲᠤ ᠬᠠᠷᠠᠭᠤᠯᠵᠦ ᠪᠠᠶᠢᠨ᠎ᠠ᠃      ᠰᠢᠯᠤᠭᠤᠨ ᠬᠦᠬᠡ ᠬᠤᠰᠢᠭᠤᠨ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ ᠨᠢ ᠶᠤᠸᠠᠨ ᠤ ᠲᠡᠬᠡᠳᠦ ᠨᠡᠶᠢᠰᠯᠡᠯ ᠵᠢᠴᠢ ᠰᠢᠯᠤᠭᠤᠨ ᠬᠦᠬᠡ ᠬᠤᠰᠢᠭᠤᠨ ᠤ ᠪᠠᠨ ᠪᠠᠶᠢᠭᠠᠯᠢ ᠶᠢᠨ ᠦᠩᠬᠡ ᠦᠵᠡᠮᠵᠢ ᠲᠠᠢ ᠡᠩ ᠵᠡᠷᠬᠡᠴᠡᠨ᠂ ᠲᠤᠰ ᠬᠤᠰᠢᠭᠤᠨ ᠤ ᠪᠠᠨ ᠲᠦᠷᠪᠡᠨ ᠤᠯᠠᠷᠢᠯ ᠤᠨ ᠵᠤᠭᠠᠴᠠᠯ ᠤᠨ ᠦᠢᠯᠡᠰ ᠵᠢᠴᠢ ᠨᠠᠷ᠎ᠠ ᠠᠯᠳᠠᠷᠰᠢᠯ  ᠳᠤ ᠨᠢᠬᠡᠨ ᠬᠤᠪᠢ ᠶᠢᠨ ᠬᠦᠴᠦᠨ ᠢᠶᠠᠨ ᠡᠷᠬᠦᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号