ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/1/29
     ᠡᠪᠦᠯ ᠤᠨ ᠠᠮᠠᠷᠠᠯᠲᠠ ᠬᠦᠷᠴᠦ ᠢᠷᠡᠬᠦ ᠪᠠᠷ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠩᠬᠡᠷᠡᠬᠦᠯᠬᠦ︾ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠠᠯᠪᠠᠨ ᠬᠡᠷ ᠮᠡᠳᠡᠭᠳᠡᠯ ᠪᠠᠭᠤᠯᠭᠠᠵᠤ᠂ ᠬᠢᠴᠢᠶᠡᠯ ᠲᠥᠷᠥᠯ ᠤᠨ ᠳᠠᠯᠳᠠ ᠤᠨᠳᠤᠤᠰᠢᠯ ᠪᠣᠯᠪᠠᠰᠤᠷᠠᠯ ᠢ ᠴᠢᠩᠭ᠎ᠠ ᠰᠡᠷᠭᠡᠶᠢᠯᠡᠨ ᠪᠠᠶᠢᠴᠠᠭᠠᠵᠤ᠂ ᠬᠢᠴᠢᠶᠡᠯ ᠲᠦᠷᠦᠯ ᠤᠨ ᠪᠤᠰᠤ ᠪᠣᠯᠪᠠᠰᠤᠷᠠᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠠᠶᠠᠷ ᠬᠥᠷ ᠲᠠᠢ ᠪᠠᠷ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠳᠤ ᠪᠠᠳᠤᠯᠠᠭ᠎ᠠ ᠬᠠᠩᠭᠠᠨ᠎ᠠ᠃      ᠮᠡᠳᠡᠭᠳᠡᠯ ᠳᠤ᠂ ᠡᠯ᠎ᠡ ᠭᠠᠵᠠᠷ ᠤᠨ ᠬᠢᠨ ︽ᠬᠤᠶᠠᠷ ᠢ ᠬᠦᠩᠬᠡᠷᠡᠬᠦᠯᠬᠦ︾ ᠠᠵᠢᠯ ᠤᠨ ᠲᠤᠰᠬᠠᠶ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢᠨ ᠠᠵᠢᠯ ᠢ ᠰᠠᠶᠢᠲᠤᠷ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠶ᠃ ᠬᠢᠴᠢᠶᠡᠯ ᠲᠥᠷᠥᠯ ᠤᠨ ᠳᠠᠯᠳᠠ ᠤᠨᠳᠤᠤᠰᠢᠯ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠢ ᠴᠢᠩᠭ᠎ᠠ ᠪᠠᠶᠢᠴᠠᠭᠠᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠱᠠᠯᠠᠪᠳᠠᠨ ᠲᠡᠭᠦᠯᠳᠡᠷᠵᠢᠭᠦᠯᠵᠦ᠂ ᠲᠤᠤᠷᠵᠢᠭᠤᠯᠤᠭᠰᠠᠨ ᠶᠡᠷᠦᠩᠬᠡᠶᠢᠯᠡᠨ ᠵᠠᠰᠠᠬᠤ ᠰᠢᠰᠲ᠋ᠧᠮ ᠢ ᠰᠠᠶᠢᠲᠤᠷ ᠬᠡᠷᠡᠭᠯᠡᠨ᠂ ︽ᠠᠳᠠᠯ ᠠᠬᠤᠢ ᠶᠢᠨ ᠦᠢᠯᠡᠴᠢᠯᠡᠭᠡ︾᠂ ︽ᠤᠯᠠᠭᠤᠯᠠ ᠨᠡᠶᠢᠯᠡᠵᠦ ᠪᠠᠭᠰᠢ ᠤᠷᠢᠬᠤ︾᠂ ︽ᠵᠤᠭᠠᠴᠠᠨ ᠰᠤᠳᠤᠯᠤᠨ ᠰᠤᠷᠤᠯᠴᠠᠬᠤ︾᠂ ︽ᠡᠪᠦᠯ ᠤᠨ ᠵᠤᠰᠠᠯᠠᠩ︾ ᠵᠡᠷᠭᠡ ᠨᠡᠷ᠎ᠡ ᠪᠠᠷ ᠬᠡᠯᠪᠡᠷᠢ ᠶᠢ ᠨᠢ ᠥᠭᠡᠷᠡᠲᠦᠭᠦᠯᠦᠭᠰᠡᠨ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠤᠷᠠᠯᠢᠭ ᠤᠨ ᠰᠢᠯᠭᠠᠯᠲᠠ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠤᠷᠠᠯᠢᠭ ᠤᠨ ᠰᠢᠯᠭᠠᠯᠲᠠ ᠶᠢᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠬᠢᠷᠢ ᠬᠡᠮ ᠢ ᠪᠥᠬᠦ ᠲᠠᠯ᠎ᠠ ᠪᠠᠷ ᠬᠢᠨᠠᠨ ᠪᠠᠶᠢᠴᠠᠭᠠᠵᠤ᠂ ᠤᠷᠠᠯᠢᠭ ᠤᠨ ᠰᠢᠯᠭᠠᠯᠲᠠ ᠶᠢᠨ ᠪᠠᠶᠢᠭᠤᠯᠤᠮᠵᠢ ᠶᠢᠨ ᠪᠣᠯᠪᠠᠰᠤᠷᠠᠯ ᠳᠤ ᠵᠥᠪᠬᠡᠨ ᠲᠤᠰᠬᠠᠶ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠬᠢᠴᠢᠶᠡᠯ ᠲᠥᠷᠥᠯ ᠤᠨ ᠪᠣᠯᠪᠠᠰᠤᠷᠠᠯ ᠥᠷᠨᠢᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠣᠯᠪᠠᠰᠤᠷᠠᠯ ᠥᠷᠨᠢᠭᠦᠯᠬᠦ ᠪᠠᠶᠢᠭᠤᠯᠤᠮᠵᠢ ᠪᠦᠬᠦᠨ ᠢ ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠬᠠᠮᠢᠶᠠᠷᠤᠯᠲᠠ ᠳᠤ ᠣᠷᠣᠭᠤᠯᠵᠤ᠂ ᠬᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ ᠬᠡᠵᠦ ᠱᠠᠭᠠᠷᠳᠠᠪᠠ᠃      ᠪᠥᠬᠦ ᠣᠷᠣᠨ ᠤ ᠡᠯ᠎ᠡ ᠭᠠᠵᠠᠷ ᠤᠨ ᠬᠢᠨ ᠡᠪᠦᠯ ᠤᠨ ᠠᠮᠠᠷᠠᠯᠲᠠ ᠶᠢᠨ ᠠᠵᠠ ᠲᠣᠬᠢᠶᠠᠯ ᠢ ᠭᠦᠢᠴᠡᠳ ᠠᠰᠢᠭᠯᠠᠨ᠂ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨᠴᠢ ᠴᠢᠳᠠᠪᠤᠷᠢᠲᠠᠨ ᠤ ᠦᠵᠡᠯᠲᠡ᠂ ᠰᠤᠷᠭᠠᠨ ᠬᠥᠮᠦᠵᠢᠯ ᠤᠨ ᠦᠵᠡᠯᠲᠡ ᠶᠢ ᠥᠷᠭᠡᠨ ᠢᠶᠠᠷ ᠤᠬᠠᠭᠤᠯᠵᠤ᠂ ᠬᠡᠷ ᠤᠨ ᠠᠬᠠᠮᠠᠳ ᠢ ᠵᠦᠪ ᠢᠶᠠᠷ ᠬᠦᠳᠦᠯᠦᠨ ᠵᠢᠯᠤᠭᠤᠳᠴᠤ᠂ ᠰᠤᠬᠤᠷ ᠪᠠᠯᠠᠢ ᠪᠠᠷ ᠪᠤᠰᠤᠳ ᠢ ᠳᠠᠭᠠᠬᠤ ᠦᠬᠡᠢ ᠪᠠᠶᠢᠯᠭᠠᠬᠤ ᠬᠡᠷᠡᠭᠳᠡᠢ᠃ ᠡᠯ᠎ᠡ ᠭᠠᠵᠠᠷ ᠤᠨ ᠬᠢᠨ ᠡᠯᠪᠡᠭ ᠪᠠᠶᠠᠯᠢᠭ ᠠᠭᠤᠯᠭ᠎ᠠ ᠲᠠᠢ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠭᠡᠮ ᠤᠨ ᠦᠢᠯᠡᠳᠦᠯᠭᠡ᠂ ᠰᠣᠶᠣᠯ ᠤᠨ ᠤᠯᠠᠮᠵᠢᠯᠠᠯ ᠵᠠᠯᠭᠠᠮᠵᠢᠯᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠢ ᠡᠬᠡ ᠪᠠᠶᠢᠭᠠᠯᠢ ᠲᠠᠢ ᠣᠶᠢᠷᠠᠲᠤᠭᠤᠯᠵᠤ᠂ ᠲᠥᠷᠥᠯ ᠰᠠᠳᠤᠨ ᠤ ᠬᠠᠶᠢᠷ᠎ᠠ ᠬᠠᠯᠠᠮᠵᠢ ᠶᠢ ᠣᠶᠢᠯᠠᠭᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠶᠢᠨ ᠬᠠᠮᠲᠤ ᠲᠣᠰ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠮᠦᠽᠧᠶ᠂ ᠰᠤᠳᠤᠯᠤᠨ ᠰᠤᠷᠤᠯᠴᠠᠬᠤ ᠰᠠᠭᠤᠷᠢᠨ ᠵᠡᠷᠭᠡ ᠶᠢ ᠢᠳᠡᠪᠬᠢᠲᠡᠶ ᠨᠢᠭᠡᠳᠦᠯᠲᠡᠶ ᠲᠥᠯᠥᠪᠯᠡᠨ ᠳᠠᠶᠢᠴᠢᠯᠠᠵᠤ᠂ ᠰᠢᠨᠵᠢᠯᠡᠬᠦ ᠤᠬᠠᠭᠠᠴᠢ ᠬᠦᠮᠦᠵᠢᠯ ᠢ ᠰᠠᠶᠢᠳᠤᠷ ᠰᠦᠪᠡᠭᠴᠢᠯᠡᠵᠦ᠂ ᠡᠴᠢᠭᠡ ᠡᠬᠡ ᠦᠷ᠎ᠡ ᠬᠡᠦᠬᠡᠳ ᠤᠨ ᠬᠠᠷᠢᠯᠴᠠᠭ᠎ᠠ ᠰᠣᠯᠢᠯᠴᠠᠭ᠎ᠠ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠲᠠᠪᠴᠠᠩ ᠬᠠᠩᠭᠠᠬᠤ ᠬᠡᠷᠡᠭᠲᠡᠢ ᠬᠡᠵᠦ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠵᠤ ᠪᠠᠶᠢᠯ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号