ᠡᠪᠤᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠦᠪᠡᠷ ᠦᠪᠡᠷ ᠤᠨ ᠤᠨᠴᠠᠯᠢᠭ ᠢᠶᠠᠷ ᠬᠦᠭᠵᠢᠶᠡᠨᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/1/29
     ᠡᠨᠡ ᠡᠪᠦᠯ ᠠᠴᠠ ᠨᠠᠭᠠᠰᠢ᠂ ᠪᠦᠬᠦ ᠤᠷᠤᠨ ᠤ ᠡᠯ᠎ᠡ ᠭᠠᠵᠠᠷ ᠨᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠣᠯᠠᠨ ᠳᠡᠰ ᠳᠠᠪᠬᠤᠷᠭ᠎ᠠ ᠪᠠᠷ ᠬᠦᠨᠴᠡ ᠲᠠᠢ ᠨᠠᠷᠢᠯᠢᠭ ᠤᠬᠠᠭᠤᠯᠵᠤ᠂ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠵᠠᠮ ᠱᠤᠭᠤᠮ ᠪᠠ ᠦᠢᠯᠡᠳᠬᠦᠨ ᠢ ᠲᠠᠨᠢᠯᠴᠠᠭᠤᠯᠤᠨ᠂ ᠪᠠᠶᠠᠷ ᠲᠤᠷᠠᠰᠬᠠᠯ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠦᠷᠭᠦᠯᠵᠢᠯᠡᠨ ᠬᠦᠭᠵᠢᠭᠡᠵᠦ᠂ ᠵᠢᠭᠤᠯᠴᠢᠯᠠᠯ ᠬᠢᠭᠡᠳ ᠪᠡᠶ᠎ᠠ ᠲᠠᠮᠢᠷ᠂ ᠠᠷᠠᠳ ᠤᠨ ᠵᠠᠩ ᠵᠠᠩᠰᠢᠯ᠂ ᠬᠡᠭᠡᠷ᠎ᠡ ᠪᠠᠭᠤᠳᠠᠯᠯᠠᠬᠤ᠂ ᠬᠡᠭᠡᠷᠡᠯᠡᠬᠦ ᠵᠡᠷᠭᠡ ᠰᠢᠨ᠎ᠡ ᠬᠡᠯᠪᠡᠷᠢ   ᠶᠢᠨ ᠵᠢᠭᠤᠯᠴᠢᠯᠠᠯ ᠤᠨ ᠡᠵᠡᠩᠨᠡᠯᠲᠡ   ᠶᠢᠨ ᠬᠡᠯᠪᠡᠷᠢ ᠪᠠᠶᠢᠳᠠᠯ ᠢ ᠨᠠᠩ ᠪᠠᠶᠠᠯᠢᠭᠵᠢᠭᠤᠯᠵᠤ᠂ ᠡᠪᠤᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠦᠪᠡᠷ ᠦᠪᠡᠷ ᠤᠨ ᠤᠨᠴᠠᠯᠢᠭ ᠢᠶᠠᠷ ᠬᠦᠭᠵᠢᠶᠡᠨᠳᠠᠢ ᠶᠠᠪᠤᠭᠳᠠᠵᠤ ᠪᠠᠶᠢᠨ᠎ᠠ᠃      2024 ᠤᠨ ᠤ ᠰᠢᠨ᠎ᠠ ᠤᠨ ᠤ ᠠᠮᠠᠷᠠᠯᠳᠠ ᠶᠢᠨ ᠬᠤᠭᠤᠴᠠᠭᠠᠨ ᠳᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠯ᠎ᠡ ᠲᠦᠷᠦᠯ ᠤᠨ ᠲᠠᠯᠠᠪᠠᠢ ᠣᠷᠳᠣᠨ ᠪᠦᠬᠦᠨ ᠢᠶᠠᠷ ᠢᠶᠠᠨ ᠨᠡᠭᠡᠭᠡᠵᠦ᠂ ᠪᠥᠬᠦ ᠤᠯᠤᠰ ᠤᠨ 1000 ᠰᠢᠬᠠᠮ ᠮᠠᠰᠢᠨ ᠲᠡᠷᠭᠡ ᠤᠷᠤᠯᠴᠠᠭᠰᠠᠨ ︽ᠮᠢᠩᠭᠠᠨ ᠲᠡᠷᠭᠡ ᠲᠦᠮᠡᠨ ᠬᠥᠮᠦᠨ︾ ᠤ ᠬᠤᠯᠠᠨ ᠰᠢᠷᠭ᠎ᠠ ᠲᠠᠭ᠎ᠠ   ᠶᠢᠨ ᠡᠯᠡᠰᠦᠷᠬᠡᠭ ᠭᠠᠵᠠᠷ ᠢ ᠳᠤᠭᠤᠯᠬᠤ ᠠᠵᠢᠯᠯᠠᠭ᠎ᠠ ᠬᠦᠷ ᠬᠦᠭᠵᠢᠶᠡᠨᠳᠠᠢ ᠶᠠᠪᠤᠭᠳᠠᠵᠤ᠂ ᠭᠠᠳᠠᠨ᠎ᠠ ᠤᠷᠤᠨ ᠤ ᠬᠦᠮᠦᠰ ᠤᠨ ᠦᠪᠦᠷ ᠮᠤᠩᠭᠤᠯ ᠤᠨ ᠰᠦᠷᠯᠢᠭ ᠰᠠᠶᠢᠬᠠᠨ ᠠᠭᠤᠯᠠ ᠤᠰᠤ   ᠶᠢᠨ ᠲᠤᠬᠠᠶ ᠣᠶᠢᠯᠠᠭᠠᠯᠲᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠰᠢᠯᠢ ᠶᠢᠨ ᠭᠤᠤᠯ ᠠᠶᠢᠮᠠᠭ ᠤᠨ ᠡᠪᠦᠯ ᠤᠨ ᠤᠯᠠᠷᠢᠯ ᠤᠨ ᠵᠢᠭᠤᠯᠴᠢᠯᠠᠯ ᠢ ᠰᠢᠨ᠎ᠡ ᠣᠷᠭᠢᠯ ᠳᠤ ᠬᠦᠷᠭᠡᠪᠡ᠃  ᠰᠢᠯᠤᠭᠤᠨ ᠬᠥᠬᠡ ᠬᠤᠰᠢᠭᠤ ᠵᠡᠷᠭᠡ ᠭᠠᠵᠠᠷ ᠤᠨ ᠬᠢᠨ ᠮᠥᠰᠥ ᠴᠠᠰᠤᠨ ᠤ ᠨᠠᠶᠢᠷ᠂ ᠮᠥᠰᠥ ᠴᠠᠰᠤᠨ ᠤ ᠨᠠᠭᠠᠳᠤᠮ ᠵᠡᠷᠭᠡ ᠠᠵᠢᠯᠯᠠᠭ᠎ᠠ ᠥᠷᠨᠢᠭᠦᠯᠵᠦ᠂ ᠬᠤᠲᠠ   ᠶᠢᠨ ᠠᠷᠠᠳ ᠬᠢᠭᠡᠳ ᠵᠢᠭᠤᠯᠴᠢᠯᠠᠭᠰᠠᠳ ᠲᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠣᠶᠢᠯᠠᠭᠠᠭᠤᠯᠵᠤ᠂ ᠨᠤᠲᠤᠭ ᠤᠨ ᠰᠣᠶᠣᠯ  ᠢᠶᠠᠨ ᠤᠯᠠᠮᠵᠢᠯᠠᠨ ᠵᠠᠯᠭᠠᠮᠵᠢᠯᠠᠵᠤ᠂ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠭᠤᠯᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号