ᠪᠦᠵᠢᠭᠳᠦ ᠵᠦᠴᠦᠭᠡ ︽ᠮᠣᠷᠢᠲᠤ ᠴᠡᠷᠢᠭ︾ ᠸᠧᠨ ᠬᠤᠧᠠ ᠱᠠᠩᠨᠠᠯ ᠲᠤᠰᠴᠠᠢ
ᠨᠡᠶᠢᠲᠡᠯᠡᠭᠰᠡᠨ ᠴᠠᠭ᠄
2024/1/29
     ᠤᠷᠴᠢᠮᠬᠠᠨ ᠾᠧᠪᠸᠢ ᠮᠤᠵᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠶᠠᠪᠤᠭᠳᠠᠭᠰᠠᠨ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠯᠢᠭ ᠤᠨ ᠨᠠᠶᠢᠷ ᠤᠨ ᠲᠡᠭᠦᠰᠭᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠵᠤᠬᠢᠶᠠᠨ ᠪᠦᠳᠦᠭᠡᠭᠰᠡᠨ ᠪᠦᠵᠢᠭᠳᠦ ᠵᠦᠴᠦᠭᠡ ︽ᠮᠣᠷᠢᠲᠤ ᠴᠡᠷᠢᠭ︾ ᠠᠷᠪᠠᠨ ᠳᠣᠯᠣᠳᠤᠭᠠᠷ ᠬᠤᠭᠤᠴᠠᠭᠠᠨ ᠤ ᠸᠧᠨ ᠬᠤᠸᠠ ᠱᠠᠩᠨᠠᠯ ᠢ ᠬᠦᠷᠳᠡᠪᠡ᠃      ᠪᠦᠵᠢᠭᠳᠦ ᠵᠦᠴᠦᠭᠡ ︽ᠮᠣᠷᠢᠲᠤ ᠴᠡᠷᠢᠭ︾ ᠪᠣᠯ ᠳᠤᠮᠳᠠᠳᠤ ᠤᠯᠤᠰ ᠤᠨ ᠲᠠᠶᠢᠰᠠᠨ ᠤ ᠤᠷᠠᠯᠢᠭ ᠳᠡᠭᠡᠷᠡᠬᠢ ᠠᠩᠬᠠᠳᠠᠭᠴᠢ ᠮᠣᠷᠢᠲᠤ ᠴᠡᠷᠢᠭ ᠢᠶᠠᠷ ᠰᠡᠳᠦᠪᠯᠡᠭᠰᠡᠨ ᠪᠥᠵᠢᠭᠲᠦ ᠵᠦᠴᠦᠭᠡ ᠶᠤᠮ᠃ ᠵᠦᠴᠦᠭᠡ ᠳᠤ᠂ ᠮᠣᠩᠭᠤᠯ ᠵᠠᠯᠠᠭᠤ ᠴᠢᠯᠠᠭᠤ ᠲᠡᠦᠬᠡ   ᠶᠢᠨ ᠵᠠᠩᠭᠢᠯᠠᠭ᠎ᠠ   ᠶᠢᠨ ᠦᠶ᠎ᠡ ᠳᠤ ᠡᠷᠡᠰ ᠰᠢᠭᠤᠷᠬᠠᠢ ᠰᠤᠩᠭᠤᠯᠳᠠ ᠬᠢᠵᠦ᠂ ᠡᠷᠡᠯᠬᠡᠭ ᠪᠠᠭᠠᠲᠤᠷᠯᠢᠭ ᠮᠣᠷᠢᠳᠦ ᠴᠡᠷᠢᠭ ᠪᠣᠯᠤᠨ ᠬᠦᠮᠦᠵᠢᠭᠳᠡᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠳᠤ ᠲᠡᠦᠬᠡᠲᠦ ᠴᠢᠨᠠᠷᠲᠠᠢ ᠭᠠᠪᠢᠶ᠎ᠠ ᠵᠢᠳᠬᠦᠯ ᠦᠵᠡᠭᠦᠯᠦᠭᠰᠡᠨ ᠥᠩᠭᠡᠷᠡᠯᠲᠡ ᠶᠢ ᠳᠡᠯᠭᠡᠵᠦ᠂ ᠥᠪᠥᠷ ᠮᠣᠩᠭᠤᠯ ᠤᠨ ᠠᠷᠠᠳ ᠲᠦᠮᠡᠨ ᠤ ᠡᠬᠡ ᠣᠷᠣᠨᠴᠢ ᠰᠡᠳᠭᠢᠯᠭᠡ ᠪᠠ ᠮᠤᠩᠭᠤᠯ ᠮᠤᠷᠢᠨ ᠤ ᠴᠤᠴᠠᠯᠳᠠ ᠦᠭᠡᠢ ᠤᠷᠤᠭᠰᠢᠯᠠᠬᠤ ᠵᠤᠷᠢᠭ ᠰᠠᠨᠠᠭ᠎ᠠ ᠶᠢ ᠮᠠᠭᠲᠠᠨ ᠳᠠᠭᠤᠯᠠᠵᠦ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠤᠨ ᠬᠦᠰᠡᠯ ᠮᠦᠷᠦᠭᠡᠳᠦᠯ ᠢ ᠬᠠᠷᠠᠭᠤᠯᠵᠦ᠂ ᠬᠥᠮᠦᠨ ᠴᠢᠨᠠᠷ ᠤᠨ  ᠭᠤᠸ᠎ᠠ ᠰᠠᠶᠢᠬᠠᠨ ᠢ ᠦᠵᠡᠬᠦᠯᠦᠭᠰᠡᠨ ᠤᠷᠠᠯᠢᠭ ᠤᠨ ᠪᠦᠲᠦᠭᠡᠯ ᠪᠤᠯᠬᠤ ᠶᠤᠮ᠃ ᠲᠣᠰ ᠪᠥᠵᠢᠭᠲᠦ ᠵᠦᠴᠦᠭᠡ ᠶᠢ 2019 ᠣᠨ ᠳᠤ ᠵᠣᠬᠢᠶᠠᠨ ᠪᠦᠲᠦᠭᠡᠵᠦ᠂ ᠤᠷᠢᠳ ᠬᠤᠵᠢᠳ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠤᠨ ︽ ᠯᠢᠩᠬᠸ᠎ᠠ ᠱᠠᠩᠨᠠᠯ︾᠂ ᠳᠤᠮᠳᠠᠳᠤ ᠤᠯᠤᠰ ᠤᠨ ᠬᠡᠪᠯᠡᠯ ᠤᠨ ᠡᠷᠬᠡ ᠶᠢᠨ ᠬᠠᠮᠤᠭ ᠤᠨ ᠰᠠᠶᠢᠨ ᠠᠭᠤᠯᠭ᠎ᠠ ᠶᠢ ᠵᠣᠬᠢᠶᠠᠨ ᠪᠦᠲᠦᠭᠡᠭᠰᠡᠨ ᠱᠠᠩᠨᠠᠯ ᠵᠡᠷᠭᠡ ᠱᠠᠩᠨᠠᠯ ᠢ ᠭᠥᠷᠳᠡᠪᠡ᠃      ︽ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠪᠥᠵᠢᠭᠲᠦ ᠵᠦᠴᠦᠭᠡ ︿ᠮᠣᠷᠢᠲᠤ ᠴᠡᠷᠢᠭ﹀ ᠢ ᠵᠣᠬᠢᠶᠠᠨ ᠪᠦᠲᠦᠭᠡᠬᠦ ᠪᠣᠯᠪᠠᠰᠤᠷᠠᠯ ᠳᠤᠮᠳᠠ᠂ ᠲᠥᠷᠥᠯ ᠵᠦᠢᠯ ᠤᠨ ᠬᠠᠷᠢᠭᠤᠴᠠᠯᠭᠠᠲᠠᠨ ᠤ ᠲᠦᠷᠢᠮ ᠢ ᠬᠡᠷᠡᠭᠵᠢᠭᠦᠯᠵᠦ᠂ ᠵᠦᠴᠦᠭᠡ ᠪᠠᠷ ᠪᠦᠯᠬᠦᠮ ᠢ ᠳᠠᠶᠢᠴᠢᠯᠠᠬᠤ᠂ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠵᠣᠷᠢᠭᠲᠠᠶ ᠪᠠᠷ ᠥᠭᠡᠷᠡᠴᠢᠯᠡᠯᠲᠡ ᠬᠢᠪᠠ᠃ ᠡᠨᠡ ᠤᠳᠠᠭᠠᠨ ᠤ ᠠᠮᠵᠢᠯᠳᠠ ᠪᠤᠯ ᠮᠠᠨ ᠤ ᠬᠦᠷᠢᠶᠡᠯᠡᠩ ᠤᠨ ᠤᠷᠠᠯᠢᠭ ᠤᠨ ᠵᠣᠬᠢᠶᠠᠨ ᠪᠦᠲᠦᠭᠡᠯᠭᠡ ︿ᠥᠨᠳᠦᠷᠯᠢᠭ﹀ ᠠᠴᠠ ︿ᠤᠷᠬᠢᠯ﹀ ᠲᠡᠶᠢᠰᠢ ᠤᠷᠤᠭᠰᠢᠯᠠᠬᠤ ᠶᠢ ᠪᠡᠶᠡᠯᠡᠬᠦᠯᠵᠦ᠂ ᠪᠢᠳᠡ ᠡᠨᠡ ᠬᠦ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠦ ᠪᠠᠶᠢᠨ᠎ᠠ︾ ᠭᠡᠵᠦ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠦᠷᠢᠶᠡᠯᠡᠩ ᠤᠨ ᠳᠠᠷᠤᠭ᠎ᠠ ᠯᠢ ᠯᠢ ᠬᠡᠯᠡᠪᠡ᠃      ᠸᠧᠨ ᠬᠤᠸᠠ ᠱᠠᠩᠨᠠᠯ ᠪᠣᠯ ᠳᠤᠮᠳᠠᠳᠤ ᠤᠯᠤᠰ ᠤᠨ ᠲᠠᠶᠢᠰᠠᠨ ᠤ ᠲᠣᠭᠯᠠᠯᠲᠠ ᠶᠢᠨ ᠤᠷᠠᠯᠢᠭ ᠤᠨ ᠵᠠᠰᠠᠭ ᠤᠨ ᠣᠷᠳᠣᠨ ᠤ ᠬᠠᠮᠤᠭ ᠤᠨ ᠳᠡᠭᠡᠳᠦ ᠱᠠᠩᠨᠠᠯ ᠪᠠᠶᠢᠵᠤ᠂ 1991 ᠤᠨ ᠳᠤ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠪᠠᠶᠢᠭᠤᠯᠤᠨ᠂ ᠭᠤᠷᠪᠠᠨ ᠵᠢᠯ ᠳᠤ ᠨᠢᠭᠡ ᠤᠳᠠᠭ᠎ᠠ ᠰᠢᠯᠭᠠᠷᠠᠭᠤᠯᠳᠠᠭ᠃ ᠪᠦᠵᠢᠭᠳᠦ ᠵᠦᠴᠦᠭᠡ ︽ᠮᠣᠷᠢᠲᠤ ᠴᠡᠷᠢᠭ︾ ᠪᠣᠯ ᠲᠣᠰ ᠤᠳᠠᠭᠠᠨ ᠤ ᠸᠧᠨ ᠬᠤᠸᠠ ᠱᠠᠩᠨᠠᠯ ᠤᠨ ᠰᠢᠯᠭᠠᠷᠠᠭᠤᠯᠤᠯᠲᠠ ᠳᠤ ᠰᠤᠩᠭᠤᠭᠳᠠᠭᠰᠠᠨ ᠥᠪᠥᠷ ᠮᠣᠩᠭᠤᠯ ᠤᠨ ᠴᠣᠷ ᠤᠨ ᠭᠠᠭᠴᠠ ᠪᠦᠲᠦᠭᠡᠯ ᠪᠣᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号