ᠲᠤᠯᠭᠠᠭᠤᠷᠢ ᠪᠣᠯ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠨᠢᠭᠡᠳᠦᠭᠡᠷ | ᠦᠶ᠎ᠡ ᠶᠢᠨ ᠲᠤᠭᠯᠠᠬᠴᠢ᠂ ᠠᠯᠳᠠᠷᠲᠤ ᠤᠷᠠᠯᠢᠭᠴᠢᠨ ᠶᠤᠮ᠃ ᠦᠳᠡᠰᠢᠯᠡᠭᠡ ᠳᠤ ᠲᠡᠭᠦᠨ ᠤ ᠵᠣᠬᠢᠶᠠᠨ ᠪᠦᠲᠦᠭᠡᠭᠰᠡᠨ | ᠮᠢᠩᠭ᠎ᠠ ᠰᠢᠬᠠᠮ ᠪᠦᠲᠦᠭᠡᠯ ᠠᠴᠠ ︽ᠦᠩᠭᠡᠳᠦ ᠰᠤᠯᠤᠩᠭ᠎ᠠ︾᠂ ︽ᠡᠬᠡ ᠶᠢᠨ ᠬᠠᠶᠢᠷ᠎ᠠ︾᠂ ︽ᠠᠮᠤᠭᠤᠯᠠᠩᠳᠦ | ᠨᠠᠭᠠᠳᠤᠮ︾᠂ ︽ᠤᠳᠠᠰᠤᠳᠤ ᠬᠤᠪᠢᠰ ᠶᠤᠭᠠᠨ ᠴᠢᠪᠬᠠᠳᠠᠵᠦ ᠤᠶᠠᠩᠭᠠᠳᠦ ᠳᠠᠭᠤᠤ ᠪᠠᠨ ᠳᠠᠭᠤᠯᠠᠶ᠎ᠠ︾᠂ ︽ | ᠴᠢᠨᠳᠠᠭᠠᠨ ᠴᠠᠭᠠᠨ ᠮᠤᠷᠢᠨ ᠤ ᠮᠠᠭᠳᠠᠭᠠᠯ︾᠂ ︽ᠮᠠᠯᠴᠢᠨ ᠲᠦᠮᠡᠨ ᠡᠪ ᠬᠠᠮᠳᠦ ᠨᠠᠮ ᠢᠶᠠᠨ ᠮᠠᠭᠳᠠᠨ ᠳᠠᠭᠤᠯᠠᠨ᠎ᠠ︾ | ᠵᠡᠷᠭᠡ 14 ᠰᠣᠩᠭᠤᠳᠠᠭ ᠪᠦᠲᠦᠭᠡᠯ ᠢ ᠰᠢᠨ᠎ᠡ ᠪᠠᠷ ᠨᠠᠶᠢᠷᠠᠭᠤᠯᠤᠨ ᠳᠠᠭᠤᠯᠠᠵᠦ᠂ ᠦᠶ᠎ᠠ ᠦᠶ᠎ᠠ ᠶᠢᠨ | ᠤᠯᠠᠭᠠᠨᠮᠦ᠋ᠴᠢᠷ ᠤᠨ ᠲᠤᠭᠯᠠᠭᠴᠢᠳ ᠤᠨ ᠨᠠᠮ ᠢᠶᠠᠨ ᠬᠦᠷᠢᠶᠡᠯᠡᠵᠦ᠂ ᠨᠠᠮ ᠢᠶᠠᠨ ᠲᠠᠭᠠᠨ᠂ ᠠᠷᠠᠳ ᠲᠦᠮᠡᠨ ᠳᠤ | ᠦᠢᠯᠡᠴᠢᠯᠡᠬᠦ ᠰᠢᠯᠢᠳᠡᠭ ᠤᠯᠠᠮᠵᠢᠯᠠᠯ ᠢ ᠬᠠᠷᠠᠭᠤᠯᠵᠠᠢ᠃ | ᠦᠳᠡᠰᠢᠯᠡᠭᠡ ᠶᠢᠨ ᠳᠠᠶᠢᠰᠠᠨ ᠳᠤ ᠠᠬᠠᠮᠠᠳ ᠤᠷᠠᠯᠢᠭᠴᠢᠨ ᠲᠤᠯᠭᠠᠭᠤᠷᠢ ᠶᠢᠨ ᠬᠠᠮᠳᠦ ᠠᠵᠢᠯᠳᠠᠨ᠂ ᠲᠦᠷᠦᠯ | ᠰᠠᠳᠤᠨ ᠨᠠᠶᠢᠵᠠ ᠨᠦᠬᠦᠳ ᠨᠢ ᠸᠢᠳᠢᠣ᠋ ᠰᠢᠩᠭᠡᠭᠡᠯᠳᠡ ᠪᠠᠷ ᠲᠡᠬᠦᠨ ᠤ ᠤᠷ᠎ᠠ ᠠᠪᠢᠶᠠᠰ ᠵᠢᠴᠢ ᠤᠶᠢᠭ᠎ᠠ ᠦᠬᠡᠢ | ᠬᠦᠳᠡᠯᠮᠦᠷᠢ ᠵᠢᠳᠬᠦᠯ ᠢ ᠱᠠᠭᠰᠢᠨ ᠮᠠᠬᠳᠠᠪᠠ᠃ | ︽ᠮᠠᠯᠴᠢᠨ ᠲᠦᠮᠡᠨ ᠡᠪ ᠬᠠᠮᠳᠦ ᠨᠠᠮ ᠢᠶᠠᠨ ᠮᠠᠭᠳᠠᠨ ᠳᠠᠭᠤᠯᠠᠨ᠎ᠠ︾ ᠭᠡᠬᠦ ᠳᠠᠭᠤᠤ ᠪᠠᠷ ᠦᠳᠡᠰᠢᠯᠡᠭᠡ | ᠳᠡᠬᠦᠰ ᠠᠮᠵᠢᠯᠲᠠ ᠲᠠᠢ ᠵᠢᠷᠭᠠᠯ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ | ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠠᠷ ᠤᠳᠬ᠎ᠠ ᠤᠷᠠᠯᠢᠭ ᠤᠨ ᠬᠦᠩᠬᠡᠨ ᠮᠤᠷᠢᠲᠦ ᠴᠡᠷᠢᠭ ᠰᠢᠨ᠎ᠡ ᠠᠶᠠᠨ ᠳᠠᠭᠠᠨ ᠮᠤᠷᠳᠠᠯ᠎ᠠ᠃ | ᠳᠡᠳᠡ ᠤᠭ ᠰᠠᠨᠠᠭ᠎ᠠ ᠪᠠᠨ ᠦᠯᠦ ᠮᠠᠷᠳᠠᠨ᠂ ᠴᠤᠴᠠᠯᠳᠠ ᠦᠬᠡᠢ ᠤᠷᠤᠭᠰᠢᠯᠠᠨ᠂ ᠤᠯᠠᠭᠠᠨᠮᠥ᠋ᠴᠢᠷ ᠤᠨ ᠬᠤᠪᠢᠰᠬᠠᠯᠲᠤ | ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ | ᠴᠣᠭᠴᠠᠯᠠᠬᠤ ᠳᠤ ᠬᠦᠴᠦᠨ ᠨᠡᠮᠡᠷᠢᠯᠡᠵᠦ᠂ ᠬᠤᠶᠠᠷ ᠶᠡᠭᠡ ᠶᠠᠪᠤᠳᠠᠯ ᠢ ᠰᠠᠶᠢᠳᠤᠷ ᠪᠡᠶᠡᠯᠡᠬᠦᠯᠬᠦ ᠳᠤ ᠤᠯᠠᠭᠠᠨᠮᠥ᠋ᠴᠢᠷ ᠤᠨ | ᠬᠦᠴᠦᠨ ᠴᠢᠳᠠᠯ ᠢᠶᠠᠨ ᠡᠷᠬᠦᠭᠰᠡᠭᠡᠷ ᠶᠤᠮ᠃ | |