ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠬᠤ ᠪᠠᠷ ᠪᠣᠶ
ᠨᠡᠶᠢᠲᠡᠯᠡᠭᠰᠡᠨ ᠴᠠᠭ᠄
2024/1/29
      ᠬᠠᠤᠯᠢ ᠴᠠᠭᠠᠵᠠ ᠶᠢᠨ ᠶᠠᠮᠤᠨ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠲᠦᠷᠦᠭᠦᠬᠡᠨ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠶ ᠰᠠᠨᠠᠯ ᠢ ᠳᠠᠷᠤᠮᠠᠯᠯᠠᠨ ᠲᠠᠷᠬᠠᠭᠠᠵᠤ᠂ 2025 ᠣᠨ ᠪᠣᠯᠬᠤ ᠳᠤ᠂ ᠬᠤᠲᠠ ᠬᠥᠳᠡᠭᠡ ᠶᠢ ᠬᠠᠮᠤᠷᠤᠭᠰᠠᠨ᠂ ᠳᠥᠭᠦᠮ ᠳᠥᠲᠡ ᠲᠦᠷᠭᠡᠨ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠤᠷ ᠢ ᠪᠣᠶ ᠪᠣᠯᠭᠠᠵᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠣᠨᠣᠪᠴᠢᠲᠤ ᠴᠢᠨᠠᠷ᠂ ᠪᠦᠳᠤᠮᠵᠢᠳᠤ ᠴᠢᠨᠠᠷ ᠢ ᠢᠯᠡᠳᠲᠡ ᠴᠢᠩᠭᠠᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ  ᠢ  ᠢᠯᠡᠳᠲᠡ  ᠳᠡᠭᠡᠭᠰᠢᠯᠡᠭᠦᠯᠵᠦ᠂ ᠵᠡᠮᠳᠡᠭᠴᠦᠳ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠡᠳ᠋ᠯᠡᠬᠦ ᠡᠷᠬᠡ ᠶᠢ ᠨᠠᠩ ᠰᠠᠶᠢᠲᠤᠷ ᠪᠡᠶᠡᠯᠡᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃      ᠰᠠᠨᠠᠯ ᠳᠤ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠴᠦᠨ ᠢ ᠴᠢᠨᠠᠭᠰᠢᠳᠠ ᠲᠤᠬᠢᠷᠠᠭᠤᠯᠤᠨ ᠰᠢᠯᠢᠳᠡᠭᠵᠢᠭᠦᠯᠵᠦ᠂ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠭᠤᠯᠭ᠎ᠠ ᠪᠣᠯᠤᠨ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠲᠤᠬᠢᠷᠠᠭᠤᠯᠤᠯᠳᠠ ᠬᠢᠪᠠ᠃ ᠡᠬᠢ ᠪᠠᠶᠠᠯᠢᠭ ᠢ ᠨᠡᠶᠢᠳᠭᠡᠬᠦ ᠶᠢ ᠴᠢᠩᠭᠠᠳᠬᠠᠵᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠴᠦᠨ ᠢ ᠴᠢᠨᠠᠭᠰᠢᠳᠠ ᠲᠣᠬᠢᠷᠠᠭᠤᠯᠤᠨ ᠰᠢᠯᠢᠳᠡᠭᠵᠢᠭᠦᠯᠵᠦ᠂ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠬᠠᠤᠯᠢᠵᠢᠯ ᠤᠨ ᠤᠬᠠᠭᠤᠯᠭ᠎ᠠ ᠵᠡᠷᠭᠡ ᠲᠠᠯ᠎ᠠ ᠶᠢᠨ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠭᠤᠯᠭ᠎ᠠ ᠪᠠ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠵᠡᠮᠳᠡᠭᠴᠦᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠪᠠ᠃      ᠰᠠᠨᠠᠯ ᠨᠢ ᠣᠳᠣᠬᠠᠨ ᠤ ᠵᠡᠮᠳᠡᠭᠴᠦᠳ ᠤᠨ ᠬᠠᠮᠤᠭ ᠤᠨ ᠲᠤᠯᠭᠠᠮ ᠱᠠᠭᠠᠷᠳᠠᠵᠤ ᠪᠠᠶᠢᠭ᠎ᠠ ᠬᠠᠤᠯᠢ ᠴᠠᠭᠠᠵᠠ ᠶᠢᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ 11 ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠤᠷᠠᠳᠪᠠ᠂ ᠡᠭᠦᠨ ᠳᠤ᠄ ᠵᠡᠮᠳᠡᠭᠴᠦᠳ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠤᠷ ᠢ ᠲᠡᠭᠦᠯᠳᠡᠷᠵᠢᠭᠦᠯᠬᠦ᠂ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠷᠢᠮᠵᠢᠶ᠎ᠠ ᠶᠢ ᠪᠠᠭᠤᠷᠠᠭᠤᠯᠬᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠬᠦ᠂ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠲᠤᠰᠬᠠᠶ ᠠᠵᠢᠯ ᠤᠨ ᠺᠣᠮᠢᠰ ᠢ ᠪᠠᠶᠢᠭᠤᠯᠬᠤ᠂ ᠵᠡᠮᠳᠡᠭᠴᠦᠳ ᠤᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠷᠤᠳᠠᠯ ᠢ ᠬᠠᠰᠤᠵᠤ ᠬᠡᠯᠲᠦᠷᠢᠭᠦᠯᠬᠦ᠂ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠨᠥᠬᠦᠪᠥᠷᠢ ᠦᠢᠯᠡᠳᠦᠯ ᠢ ᠪᠠᠳᠠᠷᠠᠭᠤᠯᠬᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠵᠡᠮᠳᠡᠭᠴᠦᠳ ᠤᠨ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠵᠡᠷᠬᠡ ᠪᠠᠭᠲᠠᠨ᠎ᠠ᠃      ᠰᠠᠨᠠᠯ ᠳᠤ ᠪᠠᠰᠠ᠂ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠣᠯᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠬᠠᠮᠵᠢᠯᠴᠠᠨ ᠬᠠᠪᠰᠤᠷᠤᠯᠴᠠᠬᠤ ᠪᠠᠨ ᠴᠢᠩᠭᠠᠳᠬᠠᠵᠤ᠂ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠂ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠳᠠᠪᠤᠷᠢ ᠪᠣᠯᠤᠨ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠵᠦ᠂ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠨ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠪᠥᠬᠦ ᠨᠡᠶᠢᠭᠡᠮ  ᠢᠶᠠᠷ  ᠢᠶᠠᠨ  ᠵᠡᠮᠳᠡᠭᠴᠦᠳ  ᠢ ᠣᠶᠢᠯᠠᠭᠠᠬᠤ᠂ ᠬᠦᠨᠳᠦᠳᠭᠡᠬᠦ᠂ ᠬᠠᠯᠠᠮᠵᠢᠯᠠᠬᠤ᠂ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠳᠤᠷᠠᠳᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号