ᠠᠶᠢᠮᠠᠭ ᠤᠨ ᠨᠠᠮ ᠤᠨ ᠬᠤᠷᠢᠶ᠎ᠠ 2024 ᠣᠨ ᠤ ᠲᠠᠪᠤᠳᠤᠭᠠᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/30
     ᠣᠷᠴᠢᠮ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠲᠠᠪᠤᠳᠤᠭᠠᠷ ᠤᠳᠠᠭ᠎ᠠ ᠶᠢᠨ ᠬᠤᠷᠠᠯ ᠵᠢᠴᠢ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠤ ᠨᠠᠨᠶᠠᠩ ᠤᠨ ᠹᠠᠩ  ᠴᠧᠩ ᠰᠢᠶᠠᠨ ᠤ  ᠳ᠋ᠦ᠋ ᠱᠦ ᠪᠠᠯᠭᠠᠰᠤᠨ ᠤ ᠵᠢᠩ ᠼᠠᠢ ᠰᠤᠷᠭᠠᠭᠤᠯᠢ  ᠶᠢᠨ ᠪᠠᠶᠢᠷᠢ ᠶᠢᠨ ᠠᠰᠠᠷ ᠲᠤ ᠭᠠᠷᠤᠭᠰᠠᠨ ᠭᠠᠯ ᠤᠨ ᠭᠠᠮᠰᠢᠭ ᠤᠨ ᠠᠳᠡᠯ᠂ ᠶᠦᠨᠨᠠᠨ ᠤ ᠵᠣᠣ ᠲᠦᠩ ᠬᠤᠲᠠ ᠶᠢᠨ ᠵᠧᠨ ᠰᠢᠶᠦ᠋ᠩ ᠰᠢᠶᠠᠨ ᠤ ᠠᠭᠤᠯᠠ ᠶᠡᠭᠦᠷᠡᠭᠰᠡᠨ ᠵᠢᠴᠢ  ᠵᠢᠶᠠᠩᠰᠢ ᠶᠢᠨ ᠰᠢᠨ ᠢᠦᠢ ᠬᠤᠲᠠ  ᠶᠢᠨ ᠢᠦᠢ ᠱᠦᠢ ᠲᠣᠭᠤᠷᠢᠭ ᠤᠨ ᠵᠡᠭᠡᠯᠢ ᠳᠠᠭᠠᠦ ᠶᠢᠨ ᠨᠢᠭᠡᠨ ᠳᠡᠯᠭᠡᠭᠦᠷ ᠤᠨ ᠭᠠᠯ ᠤᠨ ᠭᠠᠮᠰᠢᠭ ᠤᠨ ᠠᠳᠡᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠠᠶᠢᠮᠠᠭ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠴᠠᠭ ᠢᠮᠠᠭᠲᠠ ᠰᠠᠨᠠᠭ᠎ᠠ ᠳᠠᠯᠪᠢᠬᠤ︾ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠤᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠵᠦ ᠴᠡᠭᠴᠡᠯᠡᠨ ᠵᠠᠰᠠᠬᠤ ᠪᠠ ᠭᠤᠣᠯᠳᠠᠯᠭ᠎ᠠ ᠲᠠᠢ ᠬᠦᠷᠢᠶᠡᠨ ᠤ ᠭᠡᠨᠡᠳᠲᠡ ᠶᠢᠨ ᠬᠡᠷᠡᠭ ᠢ ᠰᠡᠷᠭᠡᠶᠢᠯᠡᠨ ᠰᠶᠢᠳᠪᠦᠷᠢᠯᠡᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠵᠦᠢᠯ ᠤᠨ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠠᠵᠢᠯ ᠤᠨ ᠬᠤᠷᠠᠯ ᠵᠢᠴᠢ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠤᠯᠳᠠ ᠶᠢᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠂ ᠭᠤᠣᠯ ᠦᠷᠳᠡᠭ᠂ ᠭᠤᠣᠯ ᠶᠠᠷᠢᠶ᠎ᠠ ᠬᠡᠯᠡᠯᠴᠡᠭᠡ᠂ ᠭᠤᠣᠯ ᠰᠣᠶᠣᠯ ᠢ ᠲᠠᠰᠤᠷᠠᠯᠳᠠ ᠦᠭᠡᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠲᠥᠬᠦᠭᠡᠷᠦᠮᠵᠢᠲᠦ ᠮᠠᠯ ᠠᠵᠤ ᠠᠬᠤᠢ᠂ ᠮᠠᠯ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠨᠡᠷᠡᠲᠦ ᠲᠡᠮᠳᠡᠭ ᠤᠨ ᠡᠵᠡᠩᠨᠡᠯᠲᠠ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠮᠠᠨ ᠤ ᠠᠶᠢᠮᠠᠭ ᠤᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠨᠠᠮ ᠤᠨ ᠤᠳᠤᠷᠢᠳᠤᠯᠭ᠎ᠠ ᠶᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠠᠶᠢᠮᠠᠭ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠵᠡᠷᠭᠡ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠵᠠᠢ᠃                                                  ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号