ᠵᠠᠩ ᠪᠠᠢ ᠴᠧᠩ ᠡᠩ ᠤᠨ ᠨᠠᠮ ᠤᠨ ᠭᠡᠰᠢᠭᠦᠨ ᠤ ᠬᠤᠪᠢ ᠪᠠᠷ ᠪᠠᠶᠢᠭ᠎ᠠ ᠨᠠᠮ ᠤᠨ ᠡᠭᠦᠷ ᠤᠨ ᠢᠶᠠᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/1/30
     ᠣᠷᠴᠢᠮ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠡᠩ ᠤᠨ ᠨᠠᠮ ᠤᠨ ᠭᠡᠰᠢᠭᠦᠨ ᠤ ᠬᠤᠪᠢ ᠪᠠᠷ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠨᠢᠭᠡᠳᠦᠭᠡᠷ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠠᠴᠠ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠠᠰᠠᠭᠤᠳᠠᠯ ᠢ ᠪᠠᠶᠢᠴᠠᠭᠠᠨ ᠳᠡᠯᠭᠡᠭᠰᠡᠨ ᠪᠠᠶᠢᠳᠠᠯ ᠢ ᠮᠡᠳᠡᠬᠦᠯᠵᠦ᠂ ᠨᠠᠮ ᠤᠨ ᠡᠭᠦᠷ ᠤᠨ ᠭᠡᠰᠢᠭᠦᠨ ᠵᠢᠴᠢ ᠨᠠᠮ ᠤᠨ ᠭᠡᠰᠢᠭᠦᠨ ᠤ ᠲᠥᠯᠥᠭᠡᠯᠡᠭᠴᠢ ᠪᠠᠶᠢᠴᠠᠭᠠᠨ ᠰᠢᠨᠵᠢᠭᠰᠡᠨ ᠳᠤᠬᠠᠢ ᠦᠭᠡ ᠭᠡᠯᠡᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠵᠢᠶᠠ ᠸᠧᠨ ᠽᠥᠩ ᠠᠯᠪᠠᠨ ᠭᠡᠷ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃      ᠵᠠᠩ ᠪᠠᠢ ᠴᠧᠩ ᠲᠤᠰ ᠤᠳᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠣᠯᠣᠭᠰᠠᠨ ᠦᠷ᠎ᠡ ᠪᠦᠲᠦᠭᠡᠯ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠵᠤ᠂ ᠤᠯᠠᠨ ᠢ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠰᠤᠷᠲᠠᠯ ᠢᠶᠠᠨ ᠪᠠᠲᠤᠯᠠᠠ᠂ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ ︽ᠭᠤᠷᠪᠠ ᠳᠤ ᠦᠢᠯᠡᠴᠢᠯᠡᠬᠦ︾ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠣᠷᠢᠭᠵᠢᠭᠤᠯᠪᠠ᠃ ᠲᠡᠷᠡ ᠴᠢᠬᠤᠯᠠᠴᠢᠯᠠᠬᠤ ᠳᠠᠭᠠᠨ᠂ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠨᠥᠬᠦᠳ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠪᠣᠯᠪᠠᠰᠤᠷᠠᠯ ᠢᠶᠠᠨ ᠴᠢᠩᠭᠠᠳᠬᠠᠠ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢ ᠪᠠᠨ ᠤᠯᠠᠮ ᠴᠢᠨᠠᠭᠰᠢᠳᠠ ᠴᠢᠩᠭᠠᠳᠬᠠᠠ᠂ ︽ᠳᠠᠷᠦ᠋ᠢᠬᠠᠨ ᠭᠦᠢᠴᠡᠳᠬᠡᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠯᠪᠠᠨ ᠭᠡᠷ ᠤᠨ ᠠᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠶᠢᠨ ᠠᠯᠪᠠᠨ ᠭᠡᠷ ᠤᠨ ᠺᠠᠳ᠋ᠷᠴᠤᠳ ᠤᠨ ᠰᠠᠶᠢᠨ ᠰᠠᠶᠢᠬᠠᠨ ᠳᠦᠷᠢ ᠲᠥᠷᠬᠦ ᠶᠢ ᠤᠯᠠᠮ ᠨᠢᠭᠡ ᠠᠯᠬᠤᠮ ᠪᠤᠢ ᠪᠣᠯᠭᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠬᠤ ᠲᠠᠯ᠎ᠠ ᠪᠠᠷ ᠲᠦᠷᠦᠭᠦᠨ ᠳᠤᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠠᠢ᠃                                                            ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号