ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠶᠠᠪᠤᠬᠳᠠᠪᠠ
ᠨᠡᠶᠢᠲᠡᠯᠡᠭᠰᠡᠨ ᠴᠠᠭ᠄
2024/1/30
     ᠣᠷᠴᠢᠮ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠰᠢᠯᠢ ᠶᠢᠨ ᠬᠤᠲᠠ ᠶᠢᠨ ᠮᠤᠳᠤᠨ ᠮᠠᠯᠵᠢᠯ ᠤᠨ ᠲᠠᠯᠠᠪᠠᠶ ᠳᠤ ᠬᠦᠰᠢᠭᠡ ᠪᠠᠨ ᠰᠡᠭᠦᠪᠡ᠃ ᠪᠦᠬᠦ ᠤᠯᠤᠰ ᠤᠨ ᠡᠯ᠎ᠡ ᠭᠠᠵᠠᠷ ᠤᠨ 5000 ᠭᠠᠷᠤᠢ ᠵᠢᠭᠤᠯᠴᠢᠯᠠᠬᠴᠢ ᠪᠤᠯᠤᠨ ᠲᠤᠬᠠᠢ ᠶᠢᠨ ᠭᠠᠵᠠᠷ ᠤᠨ ᠤᠯᠠᠨ ᠲᠦᠮᠡᠨ ᠬᠠᠮᠲᠦ ᠪᠠᠷ ᠳᠠᠭᠤᠯᠠᠨ ᠪᠥᠵᠢᠭᠯᠡᠵᠦ ᠪᠠᠶᠠᠰᠤᠯᠳᠤᠨ᠂ 500 ᠭᠠᠷᠤᠢ ᠠᠬᠳᠠ ᠬᠦᠯᠦᠭ ᠴᠤᠬ ᠵᠢᠪᠬᠤᠭ᠎ᠠ ᠪᠠᠨ ᠪᠠᠳᠠᠷᠠᠭᠤᠯᠵᠦ᠂ ᠰᠢᠯᠢ ᠶᠢᠨ ᠭᠤᠣᠯ ᠠᠶᠢᠮᠠᠭ ᠤᠨ 110 ᠲᠦᠮᠡᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ᠂ ᠰᠢᠯᠢ ᠶᠢᠨ ᠭᠤᠣᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠭ᠎ᠠ ᠰᠦᠷᠯᠢᠭ ᠰᠠᠶᠢᠬᠠᠨ ᠰᠢᠨ᠎ᠠ ᠵᠢᠷᠤᠭ ᠢ ᠠᠮᠢᠳᠤᠯᠢᠭ ᠢᠶᠠᠷ ᠬᠠᠷᠠᠭᠤᠯᠵᠠᠢ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠠᠵᠢᠯᠯᠠᠭ᠎ᠠ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠳ᠋ᠧ ᠶᠦᠩ ᠵᠢᠴᠢ ᠳᠥᠷᠪᠡᠨ ᠶᠡᠭᠡ ᠤᠳᠤᠷᠢᠳᠬᠤ ᠪᠠᠭ ᠤᠨ ᠬᠤᠯᠪᠤᠬᠳᠠᠯ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ᠃       ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠪᠠᠷ ᠬᠠᠷᠠᠯᠲᠠ ᠪᠤᠯᠭᠠᠵᠦ᠂ ᠲᠣᠮᠣ ᠬᠡᠯᠪᠡᠷᠢ ᠶᠢᠨ ᠤᠯᠠᠨ ᠲᠦᠮᠡᠨᠴᠢ ᠴᠢᠨᠠᠷᠲᠠᠢ ᠠᠳᠤᠭᠤᠨ ᠤ ᠭᠤᠣᠯ ᠰᠡᠳᠦᠪᠲᠦ ᠤᠷᠤᠯᠳᠤᠭᠠᠨ ᠤ ᠠᠵᠢᠯᠯᠠᠭ᠎ᠠ ᠶᠢ ᠡᠭᠦᠳᠴᠦ᠂ ᠪᠦᠬᠦ ᠠᠶᠢᠮᠠᠭ ᠤᠨ ᠤᠳᠤ ᠦᠶ᠎ᠡ ᠶᠢᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃ ᠤᠷᠤᠯᠳᠤᠭᠠᠨ ᠢ ᠬᠠᠪᠤᠷ ᠤᠨ ᠤᠯᠠᠷᠢᠯ ᠤᠨ ᠬᠤᠯᠪᠣᠭᠠᠲᠤ ᠤᠷᠤᠯᠳᠤᠭᠠᠨ᠂ ᠵᠤᠨ ᠤ ᠤᠯᠠᠷᠢᠯ ᠤᠨ ᠬᠤᠯᠪᠣᠭᠠᠲᠤ ᠤᠷᠤᠯᠳᠤᠭᠠᠨ᠂ ᠨᠠᠮᠤᠷ ᠤᠨ ᠤᠯᠠᠷᠢᠯ ᠤᠨ ᠬᠤᠯᠪᠣᠭᠠᠲᠤ ᠤᠷᠤᠯᠳᠤᠭᠠᠨ ᠪᠠ ᠡᠪᠦᠯ ᠤᠨ ᠤᠯᠠᠷᠢᠯ ᠤᠨ ᠬᠤᠯᠪᠣᠭᠠᠲᠤ ᠤᠷᠤᠯᠳᠤᠭᠠᠨ ᠭᠡᠵᠦ ᠬᠤᠪᠢᠶᠠᠠ᠂ ᠡᠪᠦᠯ ᠤᠨ ᠤᠯᠠᠷᠢᠯ ᠤᠨ ᠤᠷᠤᠯᠳᠤᠭᠠᠨ ᠢ ᠬᠤᠶᠠᠷ ᠰᠠᠷ᠎ᠠ ᠶᠠᠪᠤᠭᠳᠠᠭᠤᠯᠵᠦ᠂ ᠭᠠᠴᠠᠭ᠎ᠠ᠂ ᠰᠤᠮᠤ ᠪᠠᠯᠭᠠᠰᠤ᠂ ᠬᠤᠰᠢᠭᠤ ᠰᠢᠶᠠᠨ ᠭᠤᠷᠪᠠᠨ ᠱᠠᠲᠤᠨ ᠤ ᠤᠷᠤᠯᠳᠤᠭᠠᠨ ᠢᠶᠠᠷ ᠳᠡᠮᠵᠢᠨ ᠠᠶᠢᠮᠠᠭ ᠤᠨ ᠲᠡᠰ ᠤᠨ ᠰᠶᠢᠳᠪᠦᠷᠢᠲᠦ ᠤᠷᠤᠯᠳᠤᠭᠠᠨ ᠳᠤ ᠤᠷᠤᠯᠴᠠᠭᠤᠯᠬᠤ ᠮᠤᠷᠢᠳ ᠢ ᠰᠢᠯᠭᠠᠷᠠᠭᠤᠯᠪᠠ᠃ ᠡᠶᠢᠨ ᠭᠦ᠂ ᠪᠥᠬᠦ ᠠᠶᠢᠮᠠᠭ ᠤᠨ ᠡᠯ᠎ᠡ ᠭᠠᠵᠠᠷ ᠠᠴᠠ ᠢᠷᠡᠭᠰᠡᠨ 300 ᠭᠠᠷᠤᠢ ᠤᠨᠤᠭᠠᠴᠢ ᠰᠶᠢᠳᠪᠦᠷᠢᠲᠦ ᠤᠷᠤᠯᠳᠤᠭᠠᠨ ᠤ 30 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠪᠠ 6000 ᠮᠧᠲᠷ ᠤᠨ ᠬᠦᠴᠦᠨ ᠵᠠᠯᠭᠠᠬᠤ ᠤᠷᠤᠯᠳᠤᠭᠠᠨ ᠳᠤ ᠬᠦᠯᠦᠭ ᠮᠤᠷᠢᠳ ᠤᠨ ᠢᠶᠠᠨ ᠰᠢᠨᠳᠠᠰᠦ ᠶᠢ ᠰᠢᠯᠭᠠᠪᠠ᠃      ᠡᠬᠢᠯᠡᠯᠲᠡ ᠶᠢᠨ ᠶᠣᠰᠣᠯᠠᠯ ᠰᠦᠷ ᠳᠠᠯᠠᠶᠢᠴᠠᠲᠠᠢ ᠶᠠᠪᠤᠬᠳᠠᠵᠦ᠂ 75 ᠮᠣᠷᠢᠲᠠᠨ ᠢᠶᠠᠷ ᠪᠦᠷᠢᠯᠳᠦᠭᠰᠡᠨ ᠲᠤᠬᠴᠢᠳ ᠤᠨ ᠡᠩᠨᠡᠭᠡ ᠬᠠᠮᠤᠭ ᠤᠨ ᠲᠦᠷᠦᠭᠦᠨ ᠳᠤ ᠲᠠᠯᠠᠪᠠᠶ ᠳᠤ ᠣᠷᠣᠪᠡ᠂ ᠲᠤᠰ ᠵᠢᠬᠰᠠᠭᠠᠯ ᠤᠨ ᠡᠩᠨᠡᠭᠡ ᠶᠢᠨ ᠮᠤᠷᠢᠳ ᠨᠢ ᠠᠪᠠᠭ᠎ᠠ ᠬᠤᠰᠢᠭᠤᠨ ᠤ 25 ᠬᠠᠷ᠎ᠠ ᠠᠳᠤᠭᠤ᠂ ᠪᠠᠷᠠᠭᠤᠨ ᠦᠵᠦᠮᠦᠴᠢᠨ ᠬᠤᠰᠢᠭᠤᠨ ᠤ 25 ᠴᠠᠭᠠᠨ ᠠᠳᠤᠭᠤ᠂ ᠵᠡᠭᠦᠨ ᠦᠵᠦᠮᠦᠴᠢᠨ ᠬᠤᠰᠢᠭᠤᠨ ᠤ 25 ᠰᠢᠷᠭ᠎ᠠ ᠠᠳᠤᠭᠤ ᠪᠠᠷ ᠪᠦᠷᠢᠯᠳᠦᠵᠦ᠂ ᠮᠤᠷᠢᠲᠡᠳ ᠨᠢ ᠰᠢᠯᠢ ᠶᠢᠨ ᠭᠤᠣᠯ ᠤᠨ ᠡᠯ᠎ᠡ ᠠᠵᠢᠯ ᠲᠥᠷᠥᠯ ᠡᠯ᠎ᠠ ᠦᠨᠳᠦᠰᠦᠲᠡᠨ ᠨᠦᠭᠦᠳ ᠤᠨ ᠣᠯᠠᠨ ᠲᠦᠮᠡᠨ ᠢᠶᠠᠷ ᠪᠦᠷᠢᠯᠳᠦᠭᠰᠡᠨ ᠪᠠᠶᠢᠯ᠎ᠠ᠃ ᠳᠠᠷᠠᠭᠠᠪᠠᠷ ᠨᠢ ᠪᠡᠭᠡᠵᠢᠩ᠂ ᠵᠧᠩᠵᠧᠦ ᠵᠡᠷᠭᠡ ᠭᠠᠵᠠᠷ ᠠᠴᠠ ᠢᠷᠡᠭᠰᠡᠨ 35 ᠪᠢᠴᠢᠬᠠᠨ ᠨᠠᠶᠢᠵᠠ ᠪᠠ ᠰᠢᠯᠢ ᠶᠢᠨ ᠭᠤᠣᠯ ᠤᠨ ᠪᠢᠴᠢᠬᠠᠨ ᠨᠠᠶᠢᠵᠠ ᠨᠠᠷ ᠭᠠᠷ ᠭᠠᠷ ᠢᠶᠠᠨ ᠬᠤᠯᠪᠣᠯᠴᠠᠨ ᠲᠠᠯᠠᠪᠠᠶ ᠳᠤ ᠤᠷᠤᠪᠡ᠃ ᠲᠡᠳᠡ ᠡᠨᠡ ᠬᠦ ᠠᠵᠢᠯᠯᠠᠭ᠎ᠠ ᠪᠠᠷ ᠰᠢᠯᠢ  ᠶᠢᠨ ᠭᠤᠣᠯ  ᠠᠶᠢᠮᠠᠭ ᠲᠤ ᠵᠢᠭᠤᠯᠴᠢᠯᠠᠨ ᠰᠤᠷᠤᠯᠴᠠᠬᠤ ᠠᠶᠠᠠ ᠢᠶᠠᠨ ᠡᠬᠢᠯᠡᠭᠦᠯᠵᠦ᠂ ᠤᠮᠠᠷᠠᠲᠤ ᠬᠢᠯᠢ ᠶᠢᠨ ᠰᠣᠶᠣᠯ᠂ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠦᠢᠯᠡ ᠶᠢ ᠣᠶᠢᠯᠠᠭᠠᠵᠤ᠂ ᠤᠠᠴᠠᠯᠢᠬᠲᠦ ᠠᠮᠲᠠᠲᠦ ᠢᠳᠡᠭᠡᠨ ᠢ ᠠᠮᠲᠠᠯᠠᠨ᠂ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠢ ᠰᠣᠨᠢᠷᠬᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠣᠶᠢᠯᠠᠭᠠᠬᠤ ᠪᠣᠯᠣᠨ᠎ᠠ᠃      ᠲᠤᠬᠠᠢ ᠶᠢᠨ ᠲᠠᠯᠠᠪᠠᠶ ᠳᠤ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠲᠣᠭᠤᠷᠢᠭ᠂ ᠠᠮᠲᠠᠲᠤ ᠢᠳᠡᠭᠡᠨ  ᠠᠮᠳᠠᠯᠠᠬᠤ ᠲᠣᠭᠤᠷᠢᠭ᠂ ᠲᠦᠳᠡᠭ ᠭᠠᠯ ᠤᠨ ᠦᠵᠡᠬᠦᠯᠭᠡ ᠶᠢᠨ ᠲᠣᠭᠤᠷᠢᠭ ᠭᠠᠷᠭᠠᠵᠤ᠂ ᠦᠵᠡᠭᠴᠢᠳ ᠦᠡᠭᠭᠡ ᠢᠯᠭᠠᠷᠠᠬᠰᠠᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠤᠵᠦ᠂ ᠰᠢᠯᠢ ᠶᠢᠨ ᠭᠤᠣᠯ ᠤᠨ ᠣᠨᠴᠠᠯᠢᠭᠲᠦ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠵᠤ᠂ ᠬᠤᠨᠢᠨ ᠮᠢᠬ᠎ᠠ᠂ ᠰᠦ ᠲᠠᠢ ᠴᠠᠢ᠂ ᠴᠠᠭᠠᠨ ᠢᠳᠡᠭᠡᠨ ᠵᠡᠷᠭᠡ ᠰᠢᠯᠢ ᠶᠢᠨ ᠭᠤᠣᠯ ᠤᠨ ᠣᠨᠴᠠᠯᠢᠬᠲᠦ ᠠᠮᠲᠠᠲᠤ ᠢᠳᠡᠭᠡᠨ ᠢ ᠠᠮᠲᠠᠯᠠᠵᠤ᠂ ᠲᠦᠳᠡᠭ ᠭᠠᠯ ᠢ ᠲᠣᠭᠤᠷᠢᠨ ᠮᠣᠩᠭᠤᠯ ᠦᠨᠳᠦᠰᠦᠲᠡᠨ ᠤ ᠪᠥᠵᠢᠭ ᠢ ᠪᠥᠵᠢᠭᠯᠡᠵᠦ ᠪᠠᠶᠢᠯ᠎ᠠ᠃ ᠡᠭᠦᠨ ᠠᠴᠠ ᠭᠠᠳᠠᠨ᠎ᠠ᠂ ᠰᠢᠯᠢ ᠶᠢᠨ ᠭᠤᠣᠯ ᠤᠨ ᠭᠠᠷ ᠪᠡᠯᠡᠭ ᠤᠨ ᠲᠤᠰᠬᠠᠢ ᠰᠡᠳᠦᠪᠲᠦ ᠳᠡᠯᠭᠡᠨ ᠪᠣᠷᠣᠯᠠᠭᠤᠯᠭ᠎ᠠ ᠶᠢᠨ ᠲᠤᠭᠤᠷᠢᠭ ᠲᠤ ᠲᠠᠯ᠎ᠠ ᠨᠤᠲᠤᠭ ᠤᠨ ᠬᠠᠷ᠎ᠠ ᠠᠷᠢᠬᠢ᠂ ᠭᠤᠭᠤᠳ᠂ ᠶᠧᠪᠡᠩ᠂ ᠣᠨᠴᠠᠯᠢᠭᠲᠤ ᠰᠦᠨ ᠰᠢᠬᠢᠷ ᠵᠡᠷᠭᠡ 12 ᠵᠦᠢᠯ ᠤᠨ ᠲᠠᠸᠠᠷ ᠤᠨ ᠪᠦᠲᠦᠭᠡᠭᠳᠡᠬᠦᠨ ᠢ ᠳᠡᠯᠭᠡᠨ ᠪᠤᠷᠤᠯᠠᠭᠤᠯᠵᠦ ᠪᠠᠶᠢᠯ᠎ᠠ᠃                                                      ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号