ᠠᠶᠢᠮᠠᠭ ᠤᠨ ᠵᠠᠬᠢᠷᠭ᠎ᠠ 2024 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/30
     ᠣᠷᠴᠢᠮ᠂ ᠠᠶᠢᠮᠠᠭ ᠤᠨ ᠵᠠᠬᠢᠷᠭ᠎ᠠ 2024 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠪᠡ᠃      ᠬᠤᠷᠠᠯ ᠠᠴᠠ ᠵᠠᠬᠢᠷᠭ᠎ᠠ ᠶᠢᠨ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠵᠠᠬᠢᠷᠭ᠎ᠠ ᠶᠢᠨ ᠤᠳᠤᠷᠢᠳᠬᠤ ᠺᠠᠳ᠋ᠷ ᠤᠨ ᠠᠵᠢᠯ ᠡᠭᠦᠷᠭᠡ ᠶᠢᠨ ᠨᠠᠷᠢᠨ ᠳᠠᠩᠰᠠ ᠶᠢ ᠰᠤᠳᠤᠯᠵᠤ᠂ ︽ᠨᠠᠮ ᠵᠠᠰᠠᠭ ᠬᠠᠮᠲᠦ ᠪᠠᠷ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠡᠭᠡᠷ᠎ᠠ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ︽ᠭᠤᠷᠪᠠᠨ ᠬᠠᠮᠢᠶᠠᠷᠬᠤ ᠭᠤᠷᠪᠠᠨ ᠡᠷᠭᠡᠪᠰᠢ︾ ᠶᠢᠨ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ  ᠪᠠ  ᠭᠤᠭᠴᠤᠭ᠎ᠠ  ᠶᠢ  ᠳᠣᠪᠤᠶᠢᠯᠭᠠᠵᠤ᠂ ᠳᠦᠷᠢᠮ ᠲᠣᠭᠲᠠᠴᠠ ᠶᠢ ᠪᠦᠷᠢᠨᠰᠢᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠬᠦ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠢ ᠪᠣᠳᠠᠲᠠᠢ ᠰᠠᠶᠢᠲᠤᠷ ᠠᠳᠬᠤᠵᠦ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠠᠶᠤᠯᠬᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠡᠯ᠎ᠡ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠠᠳᠡᠯ ᠢ ᠰᠡᠷᠭᠡᠶᠢᠯᠡᠵᠦ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠬᠤᠯᠪᠤᠬᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠠ᠂ ︽ᠬᠤᠨᠢ ᠶᠢ ᠴᠥᠭᠡᠴᠢᠯᠡᠵᠦ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠴᠢᠨᠠᠷ ᠰᠠᠶᠢᠲᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠪᠠᠶᠢᠭᠤᠯᠬᠤ ᠪᠠᠷ ᠰᠠᠭᠤᠷᠢ ᠪᠣᠯᠭᠠᠵᠤ᠂ ᠨᠠᠷᠠᠲᠤ ᠲᠡᠮᠳᠡᠭ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠨ᠂ ᠡᠭᠦᠯᠳᠡᠷ ᠪᠤᠶᠢᠵᠢᠭᠤᠯᠬᠤ᠂ ᠥᠷᠭᠡᠳᠬᠡᠨ ᠦᠷᠡᠵᠢᠭᠦᠯᠬᠦ᠂ ᠪᠣᠷᠳᠣᠨ ᠲᠠᠷᠭᠤᠯᠠᠭᠤᠯᠬᠤ᠂ ᠡᠳ᠋ᠰᠢᠭᠦᠯᠬᠦ᠂ ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠡᠵᠢᠭᠡᠨ ᠦᠷᠡᠵᠢᠭᠦᠯᠬᠦ ᠶᠢᠨ ᠲᠤᠰᠬᠠᠶᠢᠵᠢᠯᠲᠠ᠂ ᠦᠢᠯᠡᠳᠪᠦᠷᠢᠯᠡᠯ ᠤᠨ ᠪᠠᠷᠢᠮᠵᠢᠶᠠᠵᠢᠯᠲᠠ᠂ ᠡᠵᠡᠩᠨᠡᠯᠲᠡ ᠶᠢᠨ ᠠᠵᠤ ᠦᠢᠯᠡᠰᠵᠢᠯᠲᠠ᠂ ᠪᠣᠷᠤᠯᠠᠭᠤᠯᠭ᠎ᠠ ᠶᠢᠨ ᠨᠠᠷᠠᠲᠤ ᠲᠡᠮᠳᠡᠭᠵᠢᠯᠲᠠ᠂ ᠦᠢᠯᠡᠴᠢᠯᠡᠭᠡᠨ ᠤ ᠨᠡᠶᠢᠭᠡᠮᠴᠢᠯᠡᠯᠲᠡ ᠶᠢ ᠠᠬᠢᠭᠤᠯᠤᠨ᠂ ᠠᠮᠢ ᠠᠬᠤᠢ ᠶᠢ ᠰᠡᠷᠭᠦᠭᠡᠬᠦ᠂ ᠮᠠᠯ ᠠᠵᠤ ᠠᠬᠤᠢ ᠶᠢ ᠬᠥᠭᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠠᠢ ᠭᠡᠵᠦ ᠴᠢᠬᠤᠯᠠᠴᠢᠯᠠᠵᠠᠢ᠃ ᠬᠤᠷᠠᠯ ᠠᠴᠠ ᠪᠠᠰᠠ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠬᠥᠭᠵᠢᠯᠲᠡ ᠶᠢ ᠲᠡᠳᠬᠦᠨ ᠠᠬᠢᠭᠤᠯᠬᠤ᠂ ᠪᠣᠭᠤᠮᠲᠠ ᠲᠤᠳᠤᠷ᠎ᠠ ᠭᠠᠵᠠᠷ ᠬᠤᠯᠪᠤᠭᠠᠯᠠᠨ ᠬᠥᠭᠵᠢᠬᠦ ᠵᠡᠷᠭᠡ ᠵᠦᠢᠯᠡᠰ ᠢ ᠰᠤᠳᠤᠯᠵᠠᠢ᠃                                                   ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号