ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠤᠨ ᠭᠤᠣᠯ ᠰᠡᠳᠦᠪᠲᠦ ᠬᠥᠮᠦᠵᠢᠯ ᠤᠨ ᠪᠤᠳᠠᠳᠠᠢ ᠦᠷ᠎ᠠ ᠪᠦᠳᠦᠮᠵᠢ ᠤᠯᠬᠤ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/1/7
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠡᠭᠦᠷᠭᠡ ᠬᠠᠷᠢᠭᠤᠴᠠᠯᠭ᠎ᠠ ᠲᠡᠭᠡᠷ᠎ᠠ ᠠᠩᠬᠠᠷᠤᠯ ᠢᠶᠠᠨ ᠲᠥᠪᠯᠡᠷᠡᠭᠦᠯᠵᠦ᠂ ᠡᠷᠢᠶᠡᠨ ᠬᠤᠳᠠ᠂ ᠰᠥᠨᠢᠳ ᠵᠡᠭᠦᠨ ᠬᠤᠰᠢᠭᠤ 2 ᠭᠠᠵᠠᠷ ᠣᠷᠣᠨ ᠪᠣᠯᠣᠨ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠵᠡᠷᠭᠡ 9 ᠨᠢᠭᠡᠴᠢ ᠲᠠᠢ ᠬᠠᠷᠢᠯᠴᠠᠵᠤ᠂ ᠬᠠᠷᠢᠯᠴᠠᠭᠰᠠᠨ ᠭᠠᠵᠠᠷ ᠣᠷᠣᠨ ᠤ ᠪᠠᠶᠢᠭᠤᠯᠭ᠎ᠠ ᠶᠢᠨ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠥᠷᠨᠢᠬᠦ ᠶᠢ ᠠᠬᠢᠭᠤᠯᠵᠠᠢ᠃      ᠠᠵᠢᠯ ᠢ ᠥᠷᠨᠢᠭᠦᠯᠬᠦ ᠶᠠᠪᠤᠴᠠ ᠳᠤ᠂ ᠬᠠᠷᠢᠯᠴᠠᠬᠤ ᠳᠤᠭᠤᠶᠢᠯᠠᠩ ᠤᠨ ᠬᠢᠨ ᠴᠠᠭ ᠲᠤᠬᠠᠢ ᠳᠤᠨᠢ ᠡᠯ᠎ᠡ ᠭᠠᠵᠠᠷ ᠣᠷᠣᠨ᠂ ᠨᠢᠭᠡᠴᠢ ᠶᠢᠨ ᠣᠨᠣᠯ ᠤᠨ ᠰᠤᠷᠤᠯᠴᠠᠯᠭ᠎ᠠ ᠵᠢᠴᠢ ᠠᠵᠢᠯ ᠤᠨ ᠠᠬᠢᠴᠠ ᠶᠢᠨ ᠪᠠᠶᠢᠳᠠᠯ ᠳᠤ ᠭᠦᠨᠵᠡᠭᠡᠶᠢᠷᠡᠵᠦ᠂ ᠣᠲᠣᠬᠠᠨ ᠪᠣᠯᠲᠠᠯ᠎ᠠ᠂ ᠬᠤᠰᠢᠭᠤ ᠰᠢᠶᠠᠨ ᠳᠤ ᠨᠡᠶᠢᠲᠡ 6 ᠤᠳᠠᠭ᠎ᠠ ᠭᠦᠨᠵᠡᠭᠡᠶᠢᠷᠡᠨ᠂ ᠠᠶᠢᠮᠠᠭ ᠤᠨ ᠰᠢᠭᠤᠳ ᠬᠠᠷᠢᠶ᠎ᠠ ᠨᠢᠭᠡᠴᠢ ᠳᠤ ᠨᠡᠶᠢᠲᠡ 32 ᠤᠳᠠᠭ᠎ᠠ ᠬᠦᠷᠴᠦ᠂ ᠠᠶᠢᠮᠠᠭ ᠤᠨ ᠰᠢᠭᠤᠳ ᠬᠠᠷᠢᠶ᠎ᠠ ᠬᠠᠷᠢᠯᠴᠠᠬᠤ ᠨᠢᠭᠡᠴᠢ ᠶᠢ ᠵᠣᠬᠢᠶᠠᠨ ᠪᠠᠶᠢᠭᠤᠯᠤᠨ ᠨᠢᠭᠡ ᠤᠳᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠯᠴᠠᠬᠤ ᠨᠢᠭᠡᠴᠢ ᠶᠢᠨ ᠰᠤᠷᠤᠯᠭᠠᠲᠠᠨ ᠲᠠᠢ ᠬᠠᠮᠲᠤᠪᠠᠷ ᠰᠤᠳᠤᠯᠤᠨ᠂ ᠠᠳᠠᠯᠢ  ᠰᠡᠳᠦᠪ  ᠢ  ᠬᠠᠮᠲᠤᠪᠠᠷ ᠬᠠᠷᠢᠭᠤᠯᠵᠤ᠂ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠷᠢᠯᠢᠭᠵᠢᠭᠤᠯᠬᠤ ᠶᠢ ᠡᠮᠬᠢ ᠵᠢᠷᠤᠮ ᠲᠠᠢ ᠠᠬᠢᠭᠤᠯᠪᠠ᠃ ᠡᠭᠦᠨ ᠤ ᠬᠠᠮᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠳᠡᠭᠡᠷ᠎ᠡ ᠳᠤᠷᠠᠳᠤᠭᠰᠠᠨ 8 ᠲᠠᠯ᠎ᠠ ᠶᠢᠨ ᠠᠰᠠᠭᠤᠳᠠᠯ ᠪᠠ ᠰᠤᠭᠤᠴᠢᠨ ᠪᠠᠶᠢᠴᠠᠭᠠᠵᠤ ᠬᠠᠷᠢᠭᠤ ᠲᠤᠰᠬᠠᠭᠰᠠᠨ 6 ᠲᠠᠯ᠎ᠠ ᠶᠢᠨ ᠠᠰᠠᠭᠤᠳᠠᠯ ᠲᠠᠢ ᠬᠠᠷᠭᠤᠭᠤᠯᠤᠨ᠂ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠲᠠᠷᠠᠭ᠎ᠠ ᠠᠯᠬᠤᠮ ᠤᠨ ᠠᠵᠢᠯ ᠲᠤᠮᠳᠠ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠱᠠᠯᠠᠪᠳᠠᠭᠤᠯᠪᠠ᠃ ᠵᠣᠬᠢᠴᠠᠭᠤᠯᠤᠨ ᠬᠠᠷᠢᠯᠴᠠᠬᠤ ᠳᠤᠮᠳᠠ᠂ ᠡᠯ᠎ᠡ ᠭᠠᠵᠠᠷ ᠣᠷᠣᠨ ᠡᠯ᠎ᠡ ᠨᠢᠭᠡᠴᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ᠠᠵᠢᠯ ᠤᠨ ᠬᠢᠯᠠᠰ ᠴᠡᠭ ᠢ ᠡᠭᠦᠳᠪᠡ᠃ ᠰᠥᠨᠢᠳ ᠵᠡᠭᠦᠨ ᠬᠤᠰᠢᠭᠤ ︽ᠳᠠᠪᠠᠭᠤᠯᠢᠭ ᠢᠶᠠᠨ ᠪᠠᠳᠠᠷᠠᠭᠤᠯᠦᠨ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠡᠭᠦᠷᠭᠡ ᠶᠢ ᠪᠦᠷᠢᠳᠬᠡᠵᠦ᠂ ︽ᠬᠥᠭᠵᠢᠯᠲᠡ ᠶᠢᠨ ᠲᠠᠩᠰᠠ︾ ᠪᠠ ︽ᠠᠷᠠᠳ ᠲᠤ ᠠᠰᠢᠭ ᠬᠦᠷᠲᠡᠭᠡᠬᠦ ᠨᠥᠬᠦᠪᠦᠷᠢ ᠲᠠᠷᠬᠠᠭᠠᠬᠤ ᠨᠠᠷᠢᠨ ᠲᠠᠩᠰᠠ︾᠎ ᠶᠢ ᠡᠮᠬᠢᠯᠡᠨ ᠪᠦᠷᠢᠯᠳᠦᠭᠦᠯᠵᠦ᠂ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠳᠤ ᠪᠠᠲᠤ ᠰᠠᠭᠤᠷᠢ ᠲᠠᠯᠪᠢᠵᠠᠢ᠃ ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ 4 ᠪᠠᠶᠢᠴᠠᠭᠠᠨ ᠰᠤᠳᠤᠯᠬᠤ ᠰᠡᠳᠦᠪ ᠢ ᠰᠤᠳᠤᠯᠤᠨ ᠲᠣᠭᠲᠠᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠳᠠᠯ ᠢ ᠣᠶᠢᠯᠠᠭᠠᠨ᠂ ᠬᠦᠴᠢᠷ ᠠᠰᠠᠭᠤᠳᠠᠯ ᠢ ᠰᠶᠢᠳᠪᠦᠷᠢᠯᠡᠵᠦ᠂ ᠨᠡᠶᠢᠲᠡ 13 ᠬᠤᠰᠢᠭᠤ ᠰᠢᠶᠠᠨ ᠬᠤᠲᠠ ︵ᠤᠷᠤᠨ︶᠂ 35 ᠰᠠᠯᠠᠭ᠎ᠠ ᠮᠥᠴᠢᠷ ᠨᠢᠭᠡᠴᠢ ᠪᠠ ᠰᠤᠮᠤ ᠰᠢᠶᠠᠩ ᠪᠠᠯᠭᠠᠰᠤ ᠪᠠᠷ ᠬᠦᠷᠴᠦ᠂ 3 ᠠᠰᠠᠭᠤᠳᠠᠯ ᠢ ᠰᠶᠢᠳᠪᠦᠷᠢᠯᠡᠨ᠂ 2 ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号