ᠬᠤᠶᠠᠳᠤᠭᠠᠷ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠵᠢᠭᠠᠨ ᠵᠢᠯᠤᠭᠤᠳᠬᠤ ᠶᠢ ᠴᠢᠩᠭᠠᠳᠬᠠᠵᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/1/7
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠰᠥᠨᠢᠳ ᠪᠠᠷᠠᠭᠤᠨ ᠬᠤᠰᠢᠭᠤ᠂ ᠬᠥᠪᠡᠭᠡᠲᠦ ᠰᠢᠷ᠎ᠠ ᠬᠤᠰᠢᠭᠤ ᠪᠤᠯᠤᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠠᠶᠢᠮᠠᠭ ᠤᠨ 9 ᠰᠢᠭᠤᠳ ᠬᠠᠷᠢᠶ᠎ᠠ ᠨᠢᠭᠡᠴᠢ ᠳᠤ ᠭᠦᠨᠵᠡᠭᠡᠶᠢᠷᠡᠨ ᠭᠤᠣᠯ ᠰᠡᠳᠦᠪᠲᠦ ᠬᠥᠮᠦᠵᠢᠯ ᠢ ᠵᠣᠬᠢᠴᠠᠭᠤᠯᠬᠤ᠂ ᠬᠠᠷᠢᠯᠴᠠᠬᠤ᠂ ᠨᠡᠪᠲᠡᠷᠡᠯᠴᠡᠬᠦ ᠠᠵᠢᠯ ᠢ ᠥᠷᠨᠢᠭᠦᠯᠪᠡ᠃ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠬᠠᠷᠢᠯᠴᠠᠬᠤ ᠭᠠᠵᠠᠷ ᠣᠷᠣᠨ ᠬᠢᠭᠡᠳ ᠬᠠᠷᠢᠯᠴᠠᠬᠤ ᠨᠢᠭᠡᠴᠢ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠭᠤᠣᠯ ᠰᠡᠳᠦᠪᠲᠦ ᠬᠥᠮᠦᠵᠢᠯ ᠢ ᠭᠤᠣᠯ ᠠᠵᠢᠯ᠂ ᠭᠠᠵᠠᠷ ᠣᠷᠣᠨ ᠤ ᠬᠥᠭᠵᠢᠯᠲᠡ ᠲᠠᠢ ᠣᠷᠭᠠᠨᠢᠭ ᠢᠶᠠᠷ ᠤᠶᠠᠯᠳᠤᠭᠤᠯᠵᠦ᠂ ᠨᠢᠭᠡ ᠴᠣᠭᠴᠠᠵᠢᠭᠤᠯᠤᠨ ᠠᠬᠢᠭᠤᠯᠪᠠ᠃      ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠠᠷᠢᠯᠴᠠᠵᠦ ᠱᠠᠯᠠᠪᠳᠠᠭᠤᠯᠬᠤ ᠪᠠᠨ ᠴᠢᠩᠭᠠᠳᠬᠠᠪᠠ᠃ ᠤᠷᠢᠳ ᠢᠶᠠᠷ ᠰᠤᠷᠤᠯᠴᠠᠵᠤ᠂ ᠢᠯᠡᠭᠦᠦ ᠭᠦᠨᠵᠡᠭᠡᠢ ᠰᠤᠷᠤᠯᠴᠠᠬᠤ ᠶᠢ ᠪᠠᠷᠢᠮᠲᠠᠯᠠᠨ᠂ ᠦᠵᠡᠯ ᠰᠠᠨᠠᠭ᠎ᠠ ᠪᠠᠨ ᠨᠢᠭᠡᠳᠬᠡᠨ᠂ ᠠᠶᠢᠵᠠᠮ ᠢ ᠡᠵᠡᠮᠳᠡᠵᠦ᠂ ᠭᠤᠣᠯ ᠰᠡᠳᠦᠪᠲᠦ ᠬᠥᠮᠦᠵᠢᠯ ᠢ ᠭᠡᠯᠪᠠᠶᠢᠯᠭᠡᠭᠦ ᠦᠭᠡᠢ᠂ ᠰᠢᠨᠵᠢ ᠴᠢᠨᠠᠷ ᠢ ᠨᠢ ᠬᠤᠪᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠪᠡ᠃ ᠬᠠᠷᠢᠯᠴᠠᠵᠤ ᠪᠠᠶᠢᠭ᠎ᠠ ᠭᠠᠵᠠᠷ ᠣᠷᠣᠨ᠂ ᠨᠢᠭᠡᠴᠢ ᠳᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠠᠰᠠᠭᠤᠳᠠᠯ ᠢ ᠢᠯᠡᠷᠡᠭᠦᠯᠦᠨ᠂ ᠬᠠᠷᠢᠭᠤ ᠲᠤᠰᠬᠠᠨ ᠴᠡᠭᠴᠡᠯᠡᠨ ᠰᠠᠶᠢᠵᠢᠷᠠᠭᠤᠯᠵᠦ᠂ ᠰᠠᠨᠠᠭᠤᠯᠤᠨ ᠱᠠᠯᠠᠪᠳᠠᠭᠤᠯᠵᠦ᠂ ᠠᠵᠢᠯ ᠢ ᠠᠬᠢᠭᠤᠯᠪᠠ᠃          ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠲᠥᠷᠥᠯ ᠬᠤᠪᠢᠶᠠᠨ ᠵᠢᠭᠠᠨ ᠵᠢᠯᠤᠭᠤᠳᠬᠤ ᠶᠢ ᠴᠢᠬᠤᠯᠠᠴᠢᠯᠠᠪᠡ᠃ ᠠᠶᠢᠮᠠᠭ ᠤᠨ ᠰᠢᠭᠤᠳ ᠬᠠᠷᠢᠶ᠎ᠠ ᠨᠢᠭᠡᠴᠢ᠂ ᠬᠤᠰᠢᠭᠤ ᠰᠢᠶᠠᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠬᠠᠷᠢᠯᠴᠠᠬᠤ ᠭᠠᠵᠠᠷ ᠣᠷᠣᠨ᠂ ᠨᠢᠭᠡᠴᠢ ᠶᠢᠨ ᠭᠤᠣᠯ ᠰᠡᠳᠦᠪᠲᠦ ᠬᠥᠮᠦᠵᠢᠯ ᠢ ᠭᠤᠣᠯ ᠠᠵᠢᠯ ᠯᠤᠭ᠎ᠠ ᠠᠭᠤᠰᠤᠯᠴᠠᠭᠤᠯᠤᠨ ᠠᠬᠢᠭᠤᠯᠬᠤ ᠶᠢᠨ ᠭᠠᠷᠳᠠᠬᠤ ᠴᠡᠭ᠂ ᠬᠦᠴᠦᠯᠡᠬᠦ ᠴᠡᠭ ᠢᠶᠠᠨ ᠣᠨᠣᠪᠴᠢᠲᠠᠶ ᠣᠯᠬᠤ ᠶᠢ ᠱᠠᠯᠠᠪᠳᠠᠭᠤᠯᠤᠨ᠂ ᠭᠤᠣᠯ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠦ᠂ ︽ᠳᠠᠪᠠᠭᠤᠯᠢᠭ ᠢᠶᠠᠨ ᠪᠠᠳᠠᠷᠠᠭᠤᠯᠦᠨ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ︽ᠨᠢᠭᠡ ᠬᠠᠭᠤᠳᠠᠰᠤ ᠨᠠᠷᠢᠨ ᠲᠠᠩᠰᠠ︾ ᠪᠠ ᠬᠤᠯᠪᠤᠬᠳᠠᠯ ᠪᠦᠬᠦᠢ ᠳᠦᠷᠢᠮ ᠪᠤᠶᠤ ᠲᠥᠷᠥ ᠶᠢᠨ ᠪᠣᠳᠣᠯᠭ᠎ᠠ ᠭᠠᠷᠭᠠᠵᠦ᠂ ᠬᠥᠭᠵᠢᠯᠲᠡ ᠶᠢ ᠠᠬᠢᠭᠤᠯᠬᠤ ᠨᠠᠷᠢᠨ ᠲᠠᠩᠰᠠ ᠶᠢ ᠪᠦᠷᠢᠯᠳᠦᠭᠦᠯᠦᠨ᠂ ︽ᠬᠦᠴᠢᠷ ᠠᠰᠠᠭᠤᠳᠠᠯ ᠢ ᠰᠶᠢᠳᠪᠦᠷᠢᠯᠡᠨ᠂ ᠪᠣᠳᠠᠲᠤ ᠶᠠᠪᠤᠳᠠᠯ ᠬᠢᠭᠦ︾ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠪᠡ᠃      ᠨᠡᠶᠢᠲᠡᠯᠢᠭ ᠲᠤᠷᠰᠢᠯᠭ᠎ᠠ ᠶᠢ ᠪᠣᠯᠪᠠᠰᠤᠷᠠᠭᠤᠯᠵᠤ᠂ ᠠᠵᠢᠯ ᠤᠨ ᠬᠢᠯᠠᠰ ᠴᠡᠭ ᠢ ᠡᠭᠦᠳᠪᠡ᠃ ᠨᠢᠭᠡ ᠲᠠᠯ᠎ᠠ ᠪᠠᠷ ᠦᠢᠯᠡᠳᠦᠯᠭᠡᠵᠢᠭᠦᠯᠵᠦ᠂ ᠨᠢᠭᠡ ᠲᠠᠯ᠎ᠠ ᠪᠠᠷ ᠳ᠋ᠦᠩᠨᠡᠵᠦ᠂ ᠨᠢᠭᠡ ᠲᠠᠯ᠎ᠠ ᠪᠠᠷ ᠳᠡᠪᠰᠢᠭᠦᠯᠬᠦ ᠶᠢ ᠪᠠᠷᠢᠮᠲᠠᠯᠠᠨ᠂ ᠡᠯ᠎ᠡ ᠭᠠᠵᠠᠷ ᠣᠷᠣᠨ᠂ ᠨᠢᠭᠡᠴᠢ ᠶᠢ ᠱᠠᠯᠠᠪᠳᠠᠭᠤᠯᠤᠨ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠪᠣᠯᠪᠠᠰᠤᠷᠠᠭᠤᠯᠪᠡ᠄ ᠬᠥᠪᠡᠭᠡᠲᠦ ᠰᠢᠷ᠎ᠠ ᠬᠤᠰᠢᠭᠤ ᠡᠭᠦᠳᠡ ᠪᠠᠨ ᠨᠡᠭᠡᠭᠡᠵᠦ ᠬᠥᠮᠦᠵᠢᠯ ᠡᠷᠬᠢᠯᠡᠬᠦ ᠶᠢ ᠪᠠᠷᠢᠮᠲᠠᠯᠠᠵᠤ᠂ ᠠᠯᠪᠠᠨ ᠵᠠᠷ ᠨᠡᠶᠢᠲᠡᠯᠡᠬᠦ᠂ ᠰᠠᠨᠠᠯ ᠤᠨ ᠬᠠᠶᠢᠷᠴᠠᠭ ᠲᠣᠬᠢᠷᠠᠭᠤᠯᠬᠤ ᠵᠡᠷᠭᠡ ᠠᠷᠭ᠎ᠠ ᠪᠠᠷ ᠤᠯᠠᠨ ᠲᠦᠮᠡᠨ ᠤ ᠤᠶᠤᠨ ᠤᠬᠠᠭᠠᠨ ᠢ ᠥᠷᠭᠡᠨ ᠢᠶᠠᠷ ᠬᠤᠷᠠᠮᠳᠤᠭᠤᠯᠵᠠᠢ︔ ᠠᠶᠢᠮᠠᠭ ᠤᠨ ᠰᠢᠭᠤᠳ ᠬᠠᠷᠢᠶ᠎ᠠ ᠡᠯ᠎ᠡ ᠨᠢᠭᠡᠴᠢ ᠠᠵᠢᠯ ᠤᠨ ᠶᠠᠪᠦᠴᠠ ᠶᠢᠨ ᠵᠢᠷᠤᠭ ᠲᠣᠭᠲᠠᠭᠠᠵᠤ᠂ ᠨᠠᠷᠢᠨ ᠲᠠᠩᠰᠠ ᠪᠠᠶᠢᠭᠤᠯᠤᠨ᠂ ᠭᠤᠣᠯᠳᠠᠯᠭ᠎ᠠ ᠲᠠᠢ ᠡᠭᠦᠷᠭᠡ ᠶᠢ ᠨᠠᠷᠢᠯᠢᠭ ᠤᠨᠤᠪᠴᠢᠳᠠᠢ ᠨᠠᠶᠢᠳᠠᠪᠤᠷᠢᠵᠢᠭᠤᠯᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号