ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠲᠠᠪᠤᠳᠤᠭᠠᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠴᠡᠭᠴᠡᠯᠡᠠ ᠰᠠᠶᠢᠵᠢᠷᠠᠭᠤᠯᠬᠤ ᠶᠢ ᠱᠠᠯᠠᠪᠳᠠᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠪᠠ
ᠨᠡᠶᠢᠲᠡᠯᠡᠭᠰᠡᠨ ᠴᠠᠭ᠄
2024/1/8
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠲᠠᠪᠤᠳᠤᠭᠠᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠰᠢᠯᠤᠭᠤᠨ ᠬᠥᠪᠡᠭᠡᠲᠦ ᠴᠠᠭᠠᠨ ᠬᠤᠰᠢᠭᠤ᠂ ᠲᠠᠶᠢᠹᠦᠰᠧ ᠬᠤᠰᠢᠭᠤ ᠪᠣᠯᠣᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ 10 ᠨᠢᠭᠡᠴᠢ ᠲᠠᠢ ᠢᠳᠡᠪᠬᠢᠲᠡᠢ ᠵᠣᠬᠢᠴᠠᠭᠤᠯᠤᠨ ᠬᠠᠷᠢᠯᠴᠠᠵᠤ᠂ ᠭᠤᠣᠯ ᠰᠡᠳᠦᠪᠲᠦ ᠬᠥᠮᠦᠵᠢᠯ ᠢ ᠠᠬᠢᠭᠤᠯᠵᠤ ᠦᠷ᠎ᠡ ᠪᠦᠲᠦᠮᠵᠢ ᠣᠯᠪᠠ᠃      ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠲᠠᠪᠤᠳᠤᠭᠠᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠠᠵᠢᠯ ᠤᠨ ᠱᠠᠭᠠᠷᠳᠠᠯᠭ᠎ᠠ ᠪᠠᠨ ᠣᠨᠣᠪᠴᠢᠲᠠᠶ ᠲᠣᠳᠣᠷᠬᠠᠶᠢᠯᠠᠵᠤ᠂ ᠠᠰᠠᠭᠤᠳᠠᠯ ᠲᠠᠢ ᠬᠠᠷᠭᠤᠭᠤᠯᠤᠨ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠳᠡᠯᠭᠡᠵᠦ᠂ ᠲᠣᠰ ᠪᠡᠶ᠎ᠡ ᠶᠢᠨ ᠣᠨᠣᠯ ᠤᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠪᠡ᠃ ᠬᠠᠷᠢᠯᠴᠠᠬᠤ ᠭᠠᠵᠠᠷ ᠣᠷᠣᠨ ᠪᠣᠯᠣᠨ ᠨᠢᠭᠡᠴᠢ ᠳᠤ ᠭᠤᠣᠯ ᠰᠡᠳᠦᠪᠲᠦ ᠬᠥᠮᠦᠵᠢᠯ ᠤᠨ  ᠬᠤᠯᠪᠤᠬᠳᠠᠯ  ᠪᠦᠬᠦᠢ  ᠬᠤᠷᠠᠯ ᠎ ᠤᠨ  ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ᠱᠠᠯᠠᠪᠳᠠᠭᠤᠯᠵᠠᠢ᠃      ︽ᠳᠠᠪᠠᠭᠤᠯᠢᠭ ᠢᠶᠠᠨ ᠪᠠᠳᠠᠷᠠᠭᠤᠯᠤᠨ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ ᠤᠳᠤᠬᠠᠨ ᠪᠣᠯᠲᠠᠯ᠎ᠠ᠂ ᠡᠯ᠎ᠡ ᠭᠠᠵᠠᠷ ᠣᠷᠣᠨ ᠪᠠ ᠨᠢᠭᠡᠴᠢ 25 ᠲᠠᠯ᠎ᠠ ᠶᠢᠨ ᠳᠠᠪᠠᠭᠤᠯᠢᠭ ᠢ ᠡᠮᠬᠢᠯᠡᠨ ᠳᠢᠭᠯᠡᠵᠦ᠂ 24 ᠲᠠᠯ᠎ᠠ ᠶᠢᠨ ᠵᠥᠷᠢᠶ᠎ᠡ ᠶᠢ ᠡᠷᠢᠵᠦ᠂ 30 ᠵᠦᠢᠯ ᠤᠨ ᠠᠷᠭ᠎ᠠ ᠬᠡᠮᠵᠢᠶ᠎ᠡ ᠳᠤᠷᠠᠳᠪᠠ᠃      ᠬᠠᠷᠢᠯᠴᠠᠬᠤ ᠭᠠᠵᠠᠷ ᠣᠷᠣᠨ ᠪᠤᠯᠤᠨ ᠨᠢᠭᠡᠴᠢ ᠶᠢ ᠱᠠᠯᠠᠪᠳᠠᠭᠤᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠤᠨᠤᠪᠴᠢᠲᠠᠢ ᠪᠠᠶᠢᠴᠠᠭᠠᠨ ᠳᠡᠯᠭᠡᠵᠦ᠂ ᠨᠢᠭᠡᠳ ᠨᠢᠭᠡ ᠪᠠᠷ ᠵᠠᠳᠠᠯᠵᠤ᠂ ᠠᠰᠠᠭᠤᠳᠠᠯ ᠤᠨ ᠨᠠᠷᠢᠨ ᠲᠠᠩᠰᠠ ᠶᠢ ᠭᠠᠷᠭᠠᠵᠦ᠂ ᠴᠡᠭᠴᠡᠯᠡᠨ ᠰᠠᠶᠢᠵᠢᠷᠠᠭᠤᠯᠬᠤ ᠠᠬᠢᠴᠠ ᠳᠤ ᠬᠠᠭᠠᠰ ᠰᠠᠷ᠎ᠠ ᠪᠠᠷ ᠲᠣᠬᠢᠷᠠᠭᠤᠯᠤᠯᠲᠠ ᠬᠢᠪᠡ᠃ ᠤᠳᠤᠬᠠᠨ ᠪᠣᠯᠲᠠᠯ᠎ᠠ᠂ ᠡᠯ᠎ᠡ ᠭᠠᠵᠠᠷ ᠣᠷᠣᠨ ᠪᠠ ᠨᠢᠭᠡᠴᠢ ᠨᠢᠭᠡᠨᠲᠡ 9 ᠲᠤᠰᠬᠠᠢ ᠴᠡᠭᠴᠡᠯᠡᠨ ᠵᠠᠰᠠᠬᠤ ᠠᠰᠠᠭᠤᠳᠠᠯ᠂ 89 ᠠᠰᠠᠭᠤᠳᠠᠯ ᠤᠨ ᠨᠠᠷᠢᠨ ᠲᠠᠩᠰᠠ ᠶᠢ ᠬᠦᠯᠢᠶᠡᠨ ᠠᠪᠴᠤ ᠴᠡᠭᠴᠡᠯᠡᠨ ᠰᠠᠶᠢᠵᠢᠷᠠᠭᠤᠯᠪᠠ᠃ ᠡᠭᠦᠨ ᠠᠴᠠ ᠭᠠᠳᠠᠨ᠎ᠠ 24 ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯ ᠰᠡᠳᠦᠪᠲᠦ ᠬᠥᠮᠦᠵᠢᠯ ᠤᠨ ᠪᠤᠳᠠᠲᠦ ᠦᠷ᠎ᠠ ᠪᠦᠲᠦᠮᠵᠢ ᠶᠢ ᠪᠠᠲᠤᠯᠠᠪᠠ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号