ᠵᠠᠩ ᠰᠢᠤᠸᠠᠢ ᠵᠢᠶᠦ᠋ᠨ᠄ ︽ᠵᠢᠷᠭᠤᠭᠠᠨ ᠢᠨᠵᠧᠨᠧᠷᠢᠩ︾᠎ ᠢ ᠨᠠᠷᠢᠨ ᠬᠢᠨᠠᠮᠠᠭᠠᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠤᠣᠯᠳᠠᠯᠭ᠎ᠠ ᠲᠠᠢ ᠡᠭᠦᠷᠭᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/1/9
     ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠸᠡᠭ ᠤᠨ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ︿ᠵᠢᠷᠭᠤᠭᠠᠨ ᠢᠨᠵᠧᠨᠧᠷᠢᠩ﹀ ᠪᠣᠯ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠶᠢᠨ ᠦᠨᠳᠦᠰᠦᠨ ᠵᠢᠷᠤᠮᠯᠠᠯ ᠪᠣᠯᠣᠨ᠎ᠠ᠂ ᠪᠢᠳᠡ ᠪᠦᠬᠦ ᠣᠷᠣᠨ ᠪᠣᠯᠣᠨ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︾ ᠭᠡᠵᠦ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠵᠠᠩ ᠰᠢᠤᠸᠠᠢ ᠵᠢᠶᠦ᠋ᠨ ᠤᠶᠢᠷ᠎ᠠ ᠳᠤ ᠰᠣᠷᠪᠤᠯᠵᠢᠯᠠᠭ᠎ᠠ ᠬᠦᠯᠢᠶᠡᠬᠦ ᠳᠡᠭᠡᠨ ᠶᠠᠷᠢᠯ᠎ᠠ᠃      ᠵᠠᠩ ᠰᠢᠤᠸᠠᠢ ᠵᠢᠶᠦ᠋ᠨ ᠬᠡᠯᠡᠬᠦ ᠳᠡᠭᠡᠨ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠡᠭᠦᠷᠭᠡ ᠴᠢᠳᠠᠪᠤᠷᠢ ᠪᠠ ᠪᠣᠳᠠᠲᠠᠢ ᠲᠠᠢ ᠪᠠᠨ ᠤᠶᠠᠯᠳᠤᠭᠤᠯᠤᠨ᠂ ︽ᠵᠢᠷᠭᠤᠭᠠᠨ ᠢᠨᠵᠧᠨᠧᠷᠢᠩ︾ ᠎ ᠢ ᠨᠠᠷᠢᠨ ᠬᠢᠨᠠᠮᠠᠭᠠᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠤᠣᠯᠳᠠᠯᠭ᠎ᠠ ᠲᠠᠢ ᠡᠭᠦᠷᠭᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠨᠢᠭᠡ ᠳᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠳᠦᠷ ᠠᠳᠬᠤᠨ᠎ᠠ᠃ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠬᠤᠶᠠᠷ ᠲᠤᠰᠬᠠᠢ ᠠᠵᠢᠯ ᠤᠨ ᠳᠤᠭᠤᠶᠢᠯᠠᠩ ᠤᠨ ᠲᠤᠯᠤᠭᠠᠶᠢᠯᠠᠨ ᠲᠠᠭᠠᠭᠤᠯᠬᠤ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠲᠥᠷᠥ ᠶᠢᠨ ᠪᠣᠳᠣᠯᠭ᠎ᠠ᠂ ᠲᠥᠷᠥᠯ ᠵᠦᠢᠯ ᠪᠠ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠳᠠᠢ ᠡᠷᠡᠮᠡᠯᠵᠡᠵᠦ᠂ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠨ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠎ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠬᠤᠶᠠᠷ ᠲᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ 2024 ᠣᠨ ᠪᠣᠯ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ ᠪᠣᠯᠣᠨ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠥᠪᠡᠷᠳᠡᠭᠡᠨ ᠵᠠᠰᠠᠬᠤ ᠣᠷᠣᠨ ᠤ ᠠᠵᠢᠯ ᠤᠨ ᠲᠥᠰᠥᠯ ᠢ ᠴᠢᠩᠭ᠎ᠠ ᠠᠩᠬᠠᠷᠴᠤ᠂ ᠬᠤᠯᠪᠤᠬᠳᠠᠯ ᠪᠦᠬᠦᠢ ᠠᠵᠢᠯ ᠢ ᠢᠳᠡᠪᠬᠢᠲᠡᠢ ᠰᠠᠶᠢᠲᠤᠷ ᠬᠢᠵᠦ᠂ ᠢᠲᠡᠭᠡᠮᠵᠢ ᠶᠢᠨ ᠮᠡᠳᠡᠭᠡ ᠵᠠᠩᠭᠢ ᠤᠨᠴᠠᠭᠠᠶᠢᠯᠠᠨ ︽ᠬᠤᠤᠰ ᠢᠯᠡ ᠨᠡᠶᠢᠳᠡᠯᠡᠯ︾᠎ ᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠶᠡᠬᠡᠪᠡᠷ ᠠᠬᠢᠭᠤᠯᠵᠤ᠂ ︽ᠰᠢᠨ ᠢ +︾ ᠰᠢᠷᠢᠰ ᠢᠲᠡᠭᠡᠮᠵᠢ ᠶᠢᠨ ᠬᠡᠷᠡᠭᠯᠡᠭᠡᠨ ᠤ ᠲᠠᠯᠠᠪᠤᠷ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠭᠤᠷᠪᠠ ᠳᠤ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠡᠨᠡ ᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ᠬᠠᠷᠢᠭᠤ ᠮᠡᠳᠡᠭᠦᠯᠦᠯᠲᠡ ᠲᠠᠢ ᠢᠳᠡᠪᠬᠢᠲᠡᠢ ᠵᠣᠯᠭᠠᠭᠤᠯᠦᠨ᠂ ᠳᠡᠮᠵᠢᠯᠭᠡ ᠡᠷᠡᠮᠡᠯᠵᠡᠵᠦ᠂ ᠴᠢᠯᠦᠭᠡᠲᠦ ᠠᠷᠠᠯᠵᠢᠶᠠᠨ ᠤ ᠣᠷᠣᠨ ᠢ ᠡᠷᠡᠮᠡᠯᠵᠡᠨ ᠪᠠᠶᠢᠭᠤᠯᠬᠤ ᠲᠦᠷᠦ ᠶᠢᠨ ᠪᠣᠳᠣᠯᠭ᠎ᠠ᠂ ᠳᠦᠷᠢᠮ᠂ ᠵᠠᠮ ᠱᠤᠭᠤᠮ ᠪᠣᠯᠣᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ ᠴᠢᠯᠦᠭᠡᠲᠦ ᠠᠷᠠᠯᠵᠢᠶᠠᠨ ᠤ ᠣᠷᠣᠨ ᠢ ᠡᠷᠡᠮᠡᠯᠵᠡᠨ ᠪᠠᠶᠢᠭᠤᠯᠬᠤ ᠠᠵᠢᠯ ᠢ ᠰᠠᠶᠢᠲᠤᠷ ᠬᠢᠨ᠎ᠠ᠃ ᠡᠭᠦᠨ ᠤ ᠬᠠᠮᠲᠤ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠭᠦᠴᠦᠨ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠬᠤ ᠢᠨᠵᠧᠨᠧᠷᠢᠩ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠬᠤᠯᠪᠤᠬᠳᠠᠯ ᠪᠦᠬᠦᠢ ᠠᠵᠢᠯ ᠢ ᠰᠠᠶᠢᠲᠤᠷ ᠬᠢᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号