ᠥᠷᠭᠡᠨᠪᠠᠶᠠᠷ᠄ ᠦᠷ᠎ᠠ ᠪᠦᠳᠦᠮᠵᠢ ᠲᠠᠢ ᠰᠠᠶᠢᠨ ᠶᠠᠪᠤᠳᠠᠯ ᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/1/9
     ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ ᠳᠥᠷᠪᠡᠳᠦᠭᠡᠷ ᠤᠳᠠᠭ᠎ᠠ ︵ᠥᠷᠭᠡᠳᠬᠡᠭᠰᠡᠨ︶᠎ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠲᠠᠪᠤᠨ ᠶᠡᠭᠡ ᠡᠭᠦᠷᠭᠡ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠎ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠭᠤᠣᠯᠳᠠᠯᠭ᠎ᠠ ᠲᠠᠢ ᠬᠠᠷᠠᠯᠲᠠ ᠡᠭᠦᠷᠭᠡ ᠪᠣᠯᠣᠨ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠴᠠᠢ᠃ ᠣᠶᠢᠷ᠎ᠠ ᠳᠤ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠭᠦᠴᠦᠨ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠬᠢᠨ ᠠᠬᠢᠭᠤᠯᠬᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠭᠡᠷᠭᠢᠨ ᠤᠯᠠᠮ ᠨᠢᠭᠡ ᠠᠯᠬᠤᠮ ᠪᠠᠬᠢᠵᠢᠭᠦᠯᠬᠦ ᠵᠡᠷᠭᠡ ᠠᠵᠢᠯ ᠤᠨ ᠲᠤᠬᠠᠢ ᠰᠤᠷᠪᠤᠯᠵᠢᠯᠠᠭᠴᠢ ᠲᠤᠰᠬᠠᠶᠢᠯᠠᠨ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠦᠷᠭᠡᠨᠪᠠᠶᠠᠷ ᠢ ᠰᠤᠷᠪᠤᠯᠵᠢᠯᠠᠯ᠎ᠠ᠃      ᠮᠠᠨ ᠤ ᠠᠶᠢᠮᠠᠭ ᠤᠨ ᠬᠢᠯᠢ ᠳᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠢ ᠲᠠᠯᠠᠪᠠᠶ ᠨᠢ 5294 ᠲᠦᠮᠡᠨ  ᠮᠦ  ᠪᠠᠶᠢᠵᠤ᠂ ᠶᠡᠬᠡᠩᠬᠢ  ᠭᠠᠵᠠᠷ  ᠣᠷᠣᠨ ᠎ ᠤ ᠰᠡᠯᠭᠢ ᠭᠡᠷᠡᠯ ᠤᠨ ᠡᠬᠢ ᠪᠠᠶᠠᠯᠢᠭ ᠡᠯᠪᠡᠭ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠭᠦᠴᠦᠨ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠰᠢᠯᠢᠳᠡᠭ ᠭᠠᠵᠠᠷ ᠪᠣᠯᠣᠨ᠎ᠠ᠃ ᠬᠥᠭᠵᠢᠯᠲᠡ ᠶᠢᠨ ᠳᠤᠮᠳᠠ ᠠᠮᠢ ᠠᠬᠤᠢ ᠪᠠ ᠠᠵᠤ ᠠᠬᠤᠢ ᠶᠢᠨ ᠦᠷ᠎ᠡ ᠠᠰᠢᠭ ᠢ ᠬᠡᠷᠬᠢᠨ ᠬᠠᠮᠲᠤ ᠳᠤᠨᠢ ᠬᠠᠷᠠᠭᠠᠯᠵᠠᠵᠤ᠂ ᠦᠷ᠎ᠠ ᠪᠦᠲᠦᠮᠵᠢ ᠲᠠᠢ ᠰᠠᠶᠢᠨ ᠶᠠᠪᠤᠳᠠᠯ ᠢ ᠭᠡᠷᠭᠢᠨ ᠰᠠᠶᠢᠲᠤᠷ ᠬᠢᠬᠦ ᠲᠤᠬᠠᠢ ᠥᠷᠭᠡᠨᠪᠠᠶᠠᠷ ᠢᠯᠡᠷᠬᠡᠶᠢᠯᠡᠬᠦ ᠳᠡᠭᠡᠨ᠂ ᠣᠳᠣᠬᠠᠨ ᠳᠤ ᠪᠦᠬᠦ ᠠᠶᠢᠮᠠᠭ ᠢᠶᠠᠷ ᠢᠶᠠᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠣᠯᠣᠨ ᠣᠶ ᠰᠢᠭᠤᠢ ᠶᠢᠨ ᠪᠦᠷᠬᠦᠴᠡ ᠶᠢᠨ ︽ᠬᠤᠣᠰ ᠨᠡᠮᠡᠭᠳᠡᠯ︾ ᠪᠠ ᠡᠯᠡᠰᠦᠷᠭᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠪᠣᠯᠣᠨ ᠡᠯᠡᠰᠦᠷᠭᠡᠭᠵᠢᠭᠰᠡᠨ ᠬᠡᠮᠵᠢᠶ᠎ᠡ ᠶᠢᠨ ︽ᠬᠤᠣᠰ ᠬᠠᠰᠤᠭᠳᠠᠯ︾ ᠎ ᠤᠨ ᠬᠠᠷᠠᠯᠲᠠ ᠶᠢ ᠨᠢᠭᠡᠨᠲᠡ ᠪᠡᠶᠡᠯᠡᠭᠦᠯᠵᠦ᠂ ᠡᠯᠡᠰᠦᠷᠬᠡᠭ ᠭᠠᠵᠠᠷ ᠲᠠᠬᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ  ᠠᠴᠠ ᠭᠠᠳᠠᠨᠠᠬᠢ ᠨᠡᠭᠦᠳᠡᠯ ᠡᠯᠡᠰᠦᠷᠬᠡᠭ ᠭᠠᠵᠠᠷ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠦᠨᠳᠦᠰᠦᠨ ᠨᠤᠲᠤᠭ ᠪᠡᠯᠴᠢᠭᠡᠷ ᠪᠠ ᠪᠠᠶᠢᠭᠠᠯᠢ ᠶᠢᠨ ᠣᠶᠢᠲᠤ ᠭᠠᠵᠠᠷ ᠲᠤ ᠦᠯᠦ ᠬᠤᠯᠪᠣᠭᠳᠠᠬᠤ ᠬᠠᠭᠠᠰ ᠲᠣᠭᠲᠠᠮᠠᠯ ᠡᠯᠡᠰᠦᠷᠬᠡᠭ ᠭᠠᠵᠠᠷ ᠨᠢ ᠬᠡᠷᠡᠯᠴᠢ ᠴᠡᠨᠡᠭ ᠤᠨ ᠠᠵᠤ ᠦᠢᠯᠡᠰ ᠲᠤ ᠬᠡᠷᠡᠭᠯᠡᠬᠦ ᠭᠠᠵᠠᠷ ᠤᠨ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ᠂ 1000 ᠲᠦᠮᠡᠨ ᠺᠢᠯᠣᠸᠠᠲ  ᠠᠴᠠ ᠳᠡᠭᠡᠭᠰᠢᠬᠢ ᠬᠡᠷᠡᠯᠴᠢ ᠴᠡᠨᠡᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠬᠠᠩᠭᠠᠵᠤ ᠳᠡᠶᠢᠯᠦᠨ᠎ᠡ᠃ ᠣᠶ ᠰᠢᠭᠤᠢ ᠨᠤᠳᠤᠭ ᠪᠡᠯᠴᠢᠭᠡᠷ ᠤᠨ ᠰᠢᠰᠲ᠋ᠧᠮ ᠢᠶᠠᠷ ᠠᠪᠴᠤ ᠬᠡᠯᠡᠪᠡᠯ᠂ ᠲᠠᠷᠠᠭ᠎ᠠ ᠠᠯᠬᠤᠮ ᠳᠤ᠂ ᠪᠢᠳᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ᠂ ᠤᠨᠴᠠᠭᠠᠶᠢᠯᠠᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠳᠠᠶᠢᠯᠠᠯᠳᠤᠭᠠᠨ ᠢᠶᠠᠷ ᠠᠴᠢᠶᠠᠯᠠᠪᠤᠷᠢ ᠪᠤᠯᠭᠠᠵᠦ᠂ 124 ᠲᠦᠮᠡᠨ ᠮᠦ ᠨᠡᠭᠦᠳᠡᠯ ᠡᠯᠡᠰᠦᠷᠬᠡᠭ ᠭᠠᠵᠠᠷ ᠪᠣᠯᠣᠨ 473 ᠲᠦᠮᠡᠨ ᠮᠦ ᠬᠠᠭᠠᠰ ᠲᠣᠭᠲᠠᠮᠠᠯ ᠡᠯᠡᠰᠦᠷᠬᠡᠭ ᠭᠠᠵᠠᠷ ᠲᠤ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠨᠢᠰᠬᠡᠯ ᠢᠶᠠᠷ ᠡᠪᠡᠰᠦ ᠲᠠᠷᠢᠬᠤ᠂ ᠪᠢᠲᠡᠭᠦᠮᠵᠢᠯᠡᠨ ᠤᠷᠭᠤᠭᠤᠯᠬᠤ ᠵᠡᠷᠭᠡ ᠠᠷᠭ᠎ᠠ ᠬᠡᠯᠪᠡᠷᠢ ᠪᠠᠷ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠵᠠᠭᠪᠤᠷ ᠲᠠᠢ ᠤᠶᠠᠯᠳᠤᠭᠤᠯᠤᠨ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢᠨ ᠬᠠᠮᠲᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠᠷ ᠴᠢᠷᠮᠠᠶᠢᠨ᠎ᠠ ᠭᠡᠪᠡ᠃      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号