10 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ | ᠠᠶᠢᠮᠠᠭ ᠤᠨ ᠬᠤᠷᠢᠶ᠎ᠠ 2024 ᠣᠨ ᠤ ᠭᠤᠴᠢᠨ ᠨᠠᠢᠮᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ | ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠭᠢᠯᠡᠵᠦ᠂ ᠯᠥᠸᠧ ᠴᠢᠩ ᠬᠤᠷᠠᠯ ᠳᠤ | ᠣᠷᠣᠯᠴᠠᠠ᠂ ᠸᠠᠩ ᠶᠦᠩ ᠮᠢᠩ᠂ ᠵᠣᠣ ᠳ᠋ᠧ ᠶᠦᠩ ᠰᠤᠯᠠ ᠣᠷᠣᠯᠴᠠᠪᠠ᠃ | ᠬᠤᠷᠠᠯ ᠠᠴᠠ 9 ᠰᠠᠷ᠎ᠠ ᠶᠢᠨ 26 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ 2024 ᠣᠨ ᠤ ᠭᠤᠣᠯᠳᠠᠯᠭ᠎ᠠ ᠲᠠᠢ ᠠᠵᠢᠯ ᠢ | ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠡᠷᠴᠢ | ᠵᠣᠷᠢᠭ ᠢᠶᠠᠨ ᠬᠥᠪᠴᠢᠯᠡᠠ᠂ ᠡᠷᠡᠮᠡᠬᠡᠶᠢᠯᠡᠨ ᠤᠷᠤᠬᠰᠢᠯᠠᠵᠦ᠂ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ᠂ | ᠣᠷᠣᠯᠭ᠎ᠠ ᠶᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠬᠤ ᠶᠢᠨ ᠬᠠᠮᠲᠤ ᠪᠦᠬᠦ ᠠᠶᠢᠮᠠᠭ ᠤᠨ ᠦᠨᠳᠦᠰᠦᠲᠡᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠬᠴᠠᠯᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠲᠠᠰᠤᠷᠠᠯᠳᠡ ᠦᠭᠡᠢ | ᠠᠬᠢᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠬᠦᠴᠦᠨ ᠢ ᠦᠷᠭᠦᠯᠵᠢᠯᠡᠨ | ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮ ᠬᠦᠴᠢᠷᠳᠡᠯ ᠲᠤᠯᠭᠠᠮ ᠱᠠᠭᠠᠷᠳᠠᠯᠭ᠎ᠠ ᠶᠢ ᠯᠠᠪᠳᠠᠭᠤᠨ ᠪᠠᠲᠤᠲᠠᠢ | ᠰᠶᠢᠳᠪᠦᠷᠢᠯᠡᠠ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ | ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠭᠠᠲᠤᠷ ᠵᠢᠱᠢᠶᠡᠴᠢ ᠶᠢᠨ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠮᠠᠨ ᠤ ᠠᠶᠢᠮᠠᠭ ᠤᠨ ᠡᠯ᠎ᠡ ᠬᠦᠷᠢᠶᠡᠨ ᠤ ᠲᠡᠷᠢᠭᠦᠨ ᠤ ᠵᠢᠱᠢᠶᠡᠴᠢ ᠶᠢ ᠭᠦᠨᠵᠡᠭᠡᠢ | ᠠᠭᠤᠳᠠᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠪᠠᠭᠠᠲᠤᠷᠴᠤᠳ ᠢ ᠬᠦᠨᠳᠦᠳᠬᠡᠵᠦ᠂ | ᠪᠠᠭᠠᠲᠤᠷᠴᠤᠳ ᠠᠴᠠ ᠰᠤᠷᠤᠯᠴᠠᠵᠤ᠂ ᠪᠠᠭᠠᠲᠤᠷ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |