ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠪᠣᠯᠣᠨ ᠰᠢᠯᠢ ᠶᠢᠨ | ᠭᠤᠣᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠲᠤᠷᠠᠨ ᠡᠷᠭᠢᠯᠡᠭᠰᠡᠨ ᠳᠡᠯᠡᠬᠡᠢ ᠶᠢᠨ | ᠰᠣᠶᠣᠯ ᠤᠨ ᠥᠪ ᠪᠤᠯᠬᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠨ ᠠᠰᠢᠭᠯᠠᠬᠤ ᠲᠤᠬᠠᠢ | ᠶᠠᠷᠢᠯᠴᠠᠬᠤ ᠬᠤᠷᠠᠯ ᠰᠢᠯᠤᠭᠤᠨ ᠬᠥᠬᠡ ᠬᠤᠰᠢᠭᠤᠨ ᠳᠤ ᠬᠤᠷᠠᠯᠳᠤᠪᠠ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ᠂ | ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠾᠧᠪᠧᠢ | ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠵᠡᠷᠭᠡ | ᠣᠷᠣᠨ ᠤ ᠳᠣᠲᠣᠨ᠎ᠠ ᠭᠠᠳᠠᠨᠠᠬᠢ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠪᠠᠶᠢᠭᠤᠯᠤᠮᠵᠢ | ᠪᠣᠯᠣᠨ ᠶᠡᠭᠡ ᠳᠡᠭᠡᠳᠦ ᠰᠤᠷᠭᠠᠭᠤᠯᠢ ᠶᠢᠨ 10 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ | ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠳᠤ ᠬᠠᠭᠤᠴᠢ ᠰᠤᠳᠤᠯᠤᠯ ᠬᠢᠬᠦ᠂ ᠬᠠᠮᠠᠭᠠᠯᠠᠨ ᠠᠰᠢᠭᠯᠠᠬᠤ᠂ ᠲᠠᠶᠢᠯᠪᠤᠷᠢᠯᠠᠨ | ᠤᠬᠠᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ︾ ᠰᠡᠳᠦᠪ ᠤᠨ ᠲᠣᠭᠤᠷᠢᠨ ᠳᠤ ᠶᠠᠷᠢᠯᠴᠠᠭ᠎ᠠ | ᠰᠣᠯᠢᠯᠴᠠᠭ᠎ᠠ ᠬᠢᠵᠡᠢ᠃ ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠶᠤᠸᠠᠨ ᠤ ᠳᠡᠭᠡᠳᠦ | ᠨᠡᠶᠢᠰᠯᠡᠯ ᠤᠨ ᠪᠠᠭᠤᠷᠢ᠂ ᠰᠢᠯᠢ ᠶᠢᠨ ᠭᠤᠣᠯ ᠠᠶᠢᠮᠠᠭ ᠤᠨ ᠰᠣᠶᠣᠯ ᠤᠨ ᠥᠪ ᠤᠨ ᠮᠦᠽᠧᠢ ᠪᠣᠯᠣᠨ ᠶᠤᠸᠠᠨ ᠤ | ᠳᠡᠭᠡᠳᠦ ᠨᠡᠶᠢᠰᠯᠡᠯ ᠤᠨ ᠪᠠᠭᠤᠷᠢ ᠶᠢᠨ ᠵᠢᠭᠤᠯᠴᠢᠯᠠᠬᠰᠠᠳ ᠤᠨ ᠲᠥᠪ ᠲᠤ ᠬᠦᠷᠴᠦ ᠪᠠᠶᠢᠴᠠᠭᠠᠨ ᠰᠤᠳᠤᠯᠤᠯᠲᠠ | ᠬᠢᠭᠰᠡᠨ ᠪᠥᠭᠡᠳ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠵᠤ ᠠᠰᠢᠭᠯᠠᠵᠤ ᠪᠠᠶᠢᠭ᠎ᠠ ᠪᠠᠶᠢᠳᠠᠯ ᠢ | ᠨᠠᠷᠢᠨ ᠣᠶᠢᠯᠠᠭᠠᠪᠠ᠃ | ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ | ᠬᠤᠰᠢᠭᠤᠨ ᠤ ᠱᠠᠩᠳᠤ ᠪᠠᠯᠭᠠᠰᠤᠨ ᠠᠴᠠ ᠵᠡᠭᠦᠨ ᠬᠤᠶᠢᠨ᠎ᠠ ᠪᠠᠶᠢᠭ᠎ᠠ ᠠᠯᠲᠠᠩᠬᠸ᠎ᠠ ᠶᠢᠨ ᠲᠠᠯ᠎ᠠ ᠳᠤ ᠪᠠᠶᠢᠷᠢᠯᠠᠵᠤ | ᠪᠠᠶᠢᠳᠠᠭ᠃ 2012 ᠣᠨ ᠤ 6 ᠰᠠᠷ᠎ᠠ ᠶᠢᠨ 29 ᠤ ᠡᠳᠦᠷ ︽ᠳᠡᠯᠡᠬᠡᠢ ᠶᠢᠨ ᠰᠣᠶᠣᠯ ᠤᠨ ᠥᠪ ᠤᠨ ᠨᠡᠷᠡᠰ ᠤᠨ | ᠵᠢᠭᠰᠠᠭᠠᠯᠲᠠ︾ ᠳᠤ ᠪᠦᠷᠢᠳᠬᠡᠭᠳᠡᠵᠦ᠂ ᠮᠠᠨ ᠤ ᠣᠷᠣᠨ ᠤ ᠴᠣᠷᠢ ᠶᠢᠨ ᠭᠠᠭᠴᠠ ᠳᠡᠯᠡᠬᠡᠢ ᠶᠢᠨ ᠰᠣᠶᠣᠯ ᠤᠨ ᠥᠪ | ᠪᠤᠯᠬᠤ ᠪᠥᠭᠡᠳ ᠤᠯᠤᠰ ᠤᠨ ᠲᠠᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠢ ᠪᠣᠯᠣᠨ᠎ᠠ᠃ ᠲᠡᠷᠡ ᠨᠢ ᠪᠠᠰᠠ ᠴᠤ ᠤᠯᠤᠰ ᠤᠨ 4A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠪᠤᠯᠬᠤ ᠶᠤᠮ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ 13 ᠳ᠋ᠤᠭᠠᠷ ᠵᠠᠭᠤᠨ ᠠᠴᠠ 14 | ᠳ᠋ᠦ᠋ᠭᠡᠷ ᠵᠠᠭᠤᠨ ᠤ ᠳᠤᠮᠳᠠᠳᠤ ᠤᠯᠤᠰ ᠤᠨ ᠡᠷᠲᠡᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠠᠨ | ᠦᠨᠳᠦᠰᠦᠲᠡᠨ ᠲᠠᠢ ᠤᠯᠤᠰ ᠪᠣᠯᠵᠤ ᠪᠦᠷᠢᠯᠳᠦᠨ ᠬᠥᠭᠵᠢᠭᠰᠡᠨ ᠲᠡᠦᠬᠡᠨ ᠶᠠᠪᠤᠴᠠ ᠶᠢ ᠭᠡᠷᠡᠴᠢᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠪᠣᠯᠵᠤ ᠪᠠᠶᠢᠵᠠᠢ᠃ | ᠥᠪᠡᠷᠲᠡᠭᠡᠨ ᠵᠠᠰᠠᠬᠤ ᠣᠷᠣᠨ ᠪᠣᠯᠣᠨ ᠰᠢᠯᠢ ᠶᠢᠨ ᠭᠤᠣᠯ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠳ ᠲᠤᠰ ᠤᠳᠠᠭᠠᠨ ᠤ ᠶᠠᠷᠢᠯᠴᠠᠬᠤ ᠬᠤᠷᠠᠯ ᠳᠤ ᠣᠷᠣᠯᠴᠠᠵᠠᠢ᠃ | | |