ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ︽ | ᠬᠠᠨᠠᠭᠠᠷ ᠠᠭᠤᠳᠠᠮ ᠲᠠᠯ᠎ᠠ ᠨᠤᠲᠤᠭ ᠤᠮᠠᠷᠠᠲᠤ ᠬᠢᠯᠢ ᠶᠢᠨ ᠤᠷᠠᠯᠢᠭ ᠤᠨ ᠡᠭᠡᠰᠢᠭᠯᠡᠯ︾ ᠠᠩᠬᠠᠳᠤᠭᠠᠷ | ᠬᠤᠭᠤᠴᠠᠭᠠᠨ ᠤ ᠤᠷᠠᠨ ᠵᠢᠷᠤᠭ᠂ ᠤᠷᠠᠨ ᠪᠢᠴᠢᠯᠭᠡ᠂ ᠭᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ ᠰᠢᠯᠢ ᠶᠢᠨ | ᠬᠤᠲᠠ ᠳᠤ ᠶᠠᠪᠤᠭᠳᠠᠪᠠ᠃ ᠲᠣᠰ ᠤᠳᠠᠭᠠᠨ ᠤ ᠦᠵᠡᠰᠬᠦᠯᠡᠩ ᠢ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠠᠶᠢᠮᠠᠭ ᠤᠨ ᠤᠳᠬ᠎ᠠ | ᠤᠷᠠᠯᠢᠭ ᠤᠨ ᠬᠢᠨ ᠤ ᠬᠤᠯᠪᠣᠭ᠎ᠠ ᠠᠴᠠ ᠭᠤᠣᠯᠯᠠᠨ ᠡᠷᠭᠢᠯᠡᠵᠦ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠵᠢᠴᠢ ᠠᠶᠢᠮᠠᠭ ᠤᠨ ᠳᠣᠲᠣᠷᠠᠬᠢ ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭᠴᠢᠳ ᠤᠨ | ᠨᠡᠶᠢᠭᠡᠮᠯᠢᠭ ᠠᠴᠠ ᠬᠠᠮᠲᠤᠪᠠᠷ ᠳᠠᠭᠠᠭᠠᠴᠢᠯᠠᠨ ᠡᠷᠭᠢᠯᠡᠵᠦ᠂ ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ ᠵᠡᠷᠭᠡ | ᠭᠤᠷᠪᠠᠨ ᠶᠡᠭᠡ ᠲᠥᠷᠥᠯ ᠢ ᠬᠠᠮᠤᠷᠤᠭᠰᠠᠨ 230 ᠪᠦᠲᠦᠭᠡᠯ ᠢ ᠳᠡᠯᠭᠡᠨ ᠦᠵᠡᠭᠦᠯᠵᠡᠢ᠃ | ᠲᠤᠰ ᠤᠳᠠᠭᠠᠨ ᠤ ᠦᠵᠡᠰᠬᠦᠯᠡᠩ ᠳᠤ ᠰᠣᠩᠭᠤᠨ ᠰᠢᠯᠭᠠᠷᠠᠭᠤᠯᠬᠤ ᠪᠠ ᠣᠨᠴᠠᠭᠠᠶ ᠤᠷᠢᠯᠭ᠎ᠠ ᠶᠢᠨ | ᠬᠡᠯᠪᠡᠷᠢ ᠪᠠᠷ 500 ᠭᠠᠷᠤᠢ ᠪᠦᠲᠦᠭᠡᠯ ᠤᠨ ᠳᠣᠲᠣᠷ᠎ᠠ ᠠᠴᠠ 230 ᠰᠢᠯᠢᠳᠡᠭ ᠪᠦᠲᠦᠭᠡᠯ ᠢ ᠰᠣᠩᠭᠤᠵᠤ ᠳᠡᠯᠭᠡᠨ | ᠦᠵᠡᠭᠦᠯᠵᠤ᠂ ᠡᠭᠦᠨ ᠳᠤ ᠤᠷᠠᠨ ᠵᠢᠷᠤᠭ ᠤᠨ ᠪᠦᠲᠦᠭᠡᠯ 60 ᠬᠤᠪᠢ᠂ ᠤᠷᠠᠨ ᠪᠢᠴᠢᠯᠭᠡ ᠶᠢᠨ ᠪᠦᠲᠦᠭᠡᠯ 70 | ᠬᠤᠪᠢ᠂ ᠭᠡᠷᠡᠯ ᠵᠢᠷᠤᠭ ᠤᠨ ᠪᠦᠲᠦᠭᠡᠯ 100 ᠬᠤᠪᠢ ᠪᠤᠶ᠃ ᠡᠲᠡᠭᠡᠷ ᠪᠦᠲᠦᠭᠡᠯ ᠤᠨ ᠭᠤᠣᠯ ᠰᠡᠳᠦᠪ ᠨᠢ ᠢᠯᠡ | ᠲᠣᠳᠣ᠂ ᠠᠭᠤᠯᠭ᠎ᠠ ᠨᠢ ᠪᠠᠶᠠᠯᠢᠭ᠂ ᠬᠡᠪ ᠨᠠᠮᠪᠠ ᠨᠢ ᠡᠷᠬᠢᠮᠰᠦᠭ ᠰᠠᠶᠢᠬᠠᠨ ᠪᠠᠶᠢᠵᠤ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠭᠠᠰᠢᠬᠢ᠂ ᠢᠯᠠᠩᠭᠤᠶ᠎ᠠ ᠰᠢᠨ᠎ᠡ ᠴᠠᠭ ᠦᠶ᠎ᠡ ᠳᠤ ᠤᠷᠤᠭᠰᠠᠨ ᠠᠴᠠ ᠨᠠᠭᠠᠰᠢᠬᠢ ᠮᠠᠨ ᠤ | ᠠᠶᠢᠮᠠᠭ ᠤᠨ ᠪᠠᠶᠢᠭᠠᠯᠢ ᠶᠢᠨ ᠦᠵᠡᠮᠵᠢ᠂ ᠬᠥᠭᠵᠢᠯᠲᠡ ᠶᠢᠨ ᠠᠮᠵᠢᠯᠲᠠ ᠪᠦᠲᠦᠮᠵᠢ᠂ ᠰᠣᠶᠣᠯ ᠤᠨ ᠠᠭᠤᠯᠬᠤᠨ ᠪᠠ | ᠣᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠬᠠᠷᠠᠭᠤᠯᠵᠦ᠂ ᠡᠬᠡ ᠤᠯᠤᠰ ᠤᠨ ᠬᠥᠭᠵᠢᠯ ᠪᠠᠳᠠᠷᠠᠯ ᠪᠠ | ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠮᠠᠭᠲᠠᠨ ᠳᠠᠭᠤᠯᠠᠭᠰᠠᠨ ᠪᠠᠶᠢᠨ᠎ᠠ᠃ | ᠲᠣᠰ ᠤᠳᠠᠭᠠᠨ ᠤ ᠦᠵᠡᠰᠬᠦᠯᠡᠩ ᠨᠢ ᠮᠠᠨ ᠤ ᠠᠶᠢᠮᠠᠭ ᠤᠨ ᠤᠷᠠᠨ ᠵᠢᠷᠤᠭ᠂ ᠤᠷᠠᠨ ᠪᠢᠴᠢᠯᠭᠡ᠂ ᠬᠡᠷᠡᠯ | ᠵᠢᠷᠤᠭ ᠤᠨ ᠤᠷᠠᠯᠢᠭ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ | ᠪᠥᠬᠦ ᠠᠶᠢᠮᠠᠭ ᠤᠨ ᠤᠳᠬ᠎ᠠ ᠤᠷᠠᠯᠢᠭ ᠤᠨ ᠠᠵᠢᠯᠲᠠᠳ ᠤᠨ ᠡᠬᠡ ᠤᠯᠤᠰ ᠲᠠᠭᠠᠨ ᠲᠡᠪᠰᠢᠬᠦᠯᠦᠭᠰᠡᠨ ᠵᠦᠩᠨᠡᠯ ᠪᠤᠯᠤᠨ | ᠤᠷᠠᠯᠢᠭ ᠤᠨ ᠬᠥᠭᠡᠭᠡᠴᠡᠯᠳᠦᠯ ᠢ ᠬᠠᠷᠠᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ | ᠣᠶ ᠶᠢ ᠪᠡᠯᠭᠡᠯᠡᠬᠦ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠤᠯᠭᠠᠬᠰᠠᠨ ᠪᠥᠭᠡᠳ ᠮᠠᠨ ᠤ | ᠠᠶᠢᠮᠠᠭ ᠤᠨ ᠰᠣᠶᠣᠯ ᠤᠨ ᠦᠢᠯᠡᠰ ᠲᠤ ᠴᠦ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ |