ᠤᠯᠠᠭᠠᠢ ᠬᠠᠮᠢᠶᠠᠷᠤᠯᠲᠠ ᠶᠢᠨ ᠤᠷᠤᠨ ᠪᠠᠴᠢᠮ ᠪᠠᠶᠢᠲᠠᠯ ᠢ ᠠᠷᠭᠠᠴᠠᠭᠠᠬᠤ ᠡᠪᠡᠰᠥ ᠪᠤᠷᠲᠤᠭ᠎ᠠ 4000 ᠭᠠᠷᠤᠢ ᠲᠤᠨ ᠨᠥᠭᠡᠴᠡᠯᠡᠭᠡᠳ ᠪᠤᠢ
ᠨᠡᠶᠢᠲᠡᠯᠡᠭᠰᠡᠨ ᠴᠠᠭ᠄
2024/10/14
     ᠭᠠᠷᠴᠥ ᠮᠡᠲᠡᠬᠦ ᠭᠠᠮᠰᠢᠭ ᠵᠤᠳ ᠠᠴᠠ ᠰᠡᠷᠭᠡᠶᠢᠯᠡᠨ ᠮᠠᠯ ᠰᠥᠷᠥᠭ ᠢᠶᠠᠨ ᠮᠡᠨᠲᠤ ᠬᠠᠮᠠᠭᠠᠯᠠᠬᠤ ᠪᠡᠯᠡᠳᠭᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂ ᠤᠯᠠᠭᠠᠢ ᠬᠠᠮᠢᠶᠠᠷᠤᠯᠲᠠ ᠶᠢᠨ ᠤᠷᠤᠨ ᠪᠠᠴᠢᠮ ᠪᠠᠶᠢᠲᠠᠯ ᠢ ᠠᠷᠭᠠᠴᠠᠭᠠᠬᠤ ᠡᠪᠡᠰᠥ ᠪᠤᠷᠲᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠥ᠂ ᠮᠠᠯ ᠠᠵᠤ ᠠᠬᠤᠢ ᠶᠢᠨ ᠲᠤᠭᠲᠠᠭᠤᠨ ᠬᠥᠭᠵᠢᠯᠲᠡ ᠳᠤ ᠬᠥᠴᠥᠨ ᠨᠡᠮᠡᠷᠢᠯᠡᠵᠥ ᠪᠠᠶᠢᠨ᠎ᠠ᠃      ᠲᠤᠰ ᠬᠠᠮᠢᠶᠠᠷᠤᠯᠲᠠ ᠶᠢᠨ ᠤᠷᠤᠨ ︽ᠤᠯᠠᠭᠠᠢ ᠬᠠᠮᠢᠶᠠᠷᠤᠯᠲᠠ ᠶᠢᠨ ᠤᠷᠤᠨ ᠤ ᠪᠠᠴᠢᠮ ᠪᠠᠶᠢᠲᠠᠯ ᠢ ᠠᠷᠭᠠᠴᠠᠭᠠᠬᠤ ᠡᠪᠡᠰᠥ ᠪᠤᠷᠲᠤᠭ᠎ᠠ ᠨᠥᠭᠡᠴᠡᠯᠡᠬᠦ ᠠᠵᠢᠯ ᠢ  ᠬᠡᠷᠡᠭᠵᠢᠬᠦᠯᠬᠦ ᠲᠥᠰᠥᠯ︾ ᠲᠤᠭᠲᠠᠭᠠᠵᠥ᠂ ᠰᠢᠯᠢᠲᠡᠭ ᠪᠠᠶᠢᠭᠠᠯᠢᠯᠢᠭ ᠡᠪᠡᠰᠥ ᠶᠢ 1 ᠲᠥᠮᠡᠨ ᠲᠤᠨ ᠨᠥᠭᠡᠴᠡᠯᠡᠬᠦ ᠪᠠᠷ ᠲᠥᠯᠥᠪᠯᠡᠨ ᠨᠥᠭᠡᠴᠡᠯᠡᠬᠦ ᠬᠤᠭᠤᠴᠠᠭ᠎ᠠ ᠶᠢ 8 ᠰᠠᠷ᠎ᠠ ᠪᠠᠷ ᠲᠤᠭᠲᠠᠭᠠᠪᠠ᠃ ᠬᠠᠮᠢᠶᠠᠷᠤᠯᠲᠠ ᠶᠢᠨ ᠤᠷᠤᠨ ᠤ ᠲᠠᠷᠢᠶᠠᠯᠠᠩ ᠮᠠᠯ ᠠᠵᠤ ᠠᠬᠤᠢ ᠪᠤᠯᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠲᠤᠪᠴᠢᠶ᠎ᠠ᠂ ᠬᠠᠨᠭ᠍ᠭᠠᠨ ᠪᠤᠷᠤᠯᠠᠭᠤᠯᠬᠤ ᠬᠤᠷᠰᠢᠶ᠎ᠠ᠂ ᠪᠠᠯᠭᠠᠰᠤ ︵ᠲᠠᠯᠠᠪᠠᠢ︶ ᠨᠢ ᠪᠠᠴᠢᠮ ᠪᠠᠶᠢᠲᠠᠯ  ᠢ ᠠᠷᠭᠠᠴᠠᠭᠠᠬᠤ ᠡᠪᠡᠰᠥ ᠪᠤᠷᠲᠤᠭ᠎ᠠ ᠨᠥᠭᠡᠴᠡᠯᠡᠬᠦ ᠬᠠᠮᠢᠶᠠᠷᠤᠯᠲᠠ ᠶᠢᠨ ᠭᠤᠷᠪᠠᠨ ᠲᠠᠯ᠎ᠠ ᠶᠢᠨ ᠵᠥᠪᠲᠡᠯᠴᠡᠭᠡᠷ ᠲᠤᠭᠲᠠᠵᠥ᠂ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠬᠠᠷᠢᠶ᠎ᠠ ᠠᠵᠤ ᠠᠬᠤᠶᠢᠯᠠᠯ ᠾᠸᠡᠭ ᠲᠠᠢ ᠲᠠᠷᠢᠶᠠᠯᠠᠩ ᠠᠷᠠᠯᠵᠢᠶᠠᠨ ᠤ ᠬᠢᠵᠠᠭᠠᠷᠲᠤ ᠺᠤᠮᠫᠠᠨᠢ ᠨᠢ 8 ᠲᠠᠭᠠᠭᠠᠨ ᠬᠠᠲᠠᠭᠠᠯᠠᠬᠤ ᠠᠵᠤ ᠠᠬᠤᠶᠢᠯᠠᠯ ᠲᠠᠢ ᠬᠡᠷ᠎ᠠ ᠲᠤᠭᠲᠠᠵᠥ᠂ ᠬᠢᠨᠠᠨ ᠬᠠᠮᠢᠶᠠᠷᠬᠤ ᠨᠢᠭᠡᠴᠢ ᠪᠤᠯᠤᠨ ᠲᠠᠭᠠᠭᠠᠨ ᠬᠠᠲᠠᠭᠠᠯᠠᠬᠤ ᠠᠵᠤ ᠠᠬᠤᠶᠢᠯᠠᠯ ᠤᠨ ᠬᠠᠷᠢᠭᠤᠴᠠᠯᠭ᠎ᠠ᠂ ᠡᠬᠦᠷᠭᠡ ᠶᠢ ᠲᠤᠲᠤᠷᠬᠠᠶᠢᠯᠠᠵᠥ᠂ ᠨᠥᠭᠡᠴᠡᠯᠡᠬᠦ ᠡᠬᠦᠷᠭᠡ ᠶᠢ ᠨᠠᠷᠢᠨ ᠬᠤᠪᠢᠶᠠᠷᠢᠯᠠᠪᠠ᠃ ᠤᠲᠤᠬᠠᠨ ᠪᠤᠯᠲᠠᠯ᠎ᠠ᠂ ᠲᠤᠰ ᠬᠠᠮᠢᠶᠠᠷᠤᠯᠲᠠ ᠶᠢᠨ ᠤᠷᠤᠨ ᠨᠢᠭᠡᠨᠲᠡ ᠪᠠᠴᠢᠮ ᠪᠠᠶᠢᠲᠠᠯ ᠢ ᠠᠷᠭᠠᠴᠠᠭᠠᠬᠤ ᠡᠪᠡᠰᠥ ᠪᠤᠷᠲᠤᠭ᠎ᠠ ᠶᠢ 4220 ᠲᠤᠨ ᠬᠤᠷᠢᠶᠠᠨ ᠬᠠᠲᠠᠭᠠᠯᠠᠵᠥ᠂ ᠪᠥᠬᠦ ᠡᠬᠦᠷᠭᠡ ᠶᠢᠨ ᠢᠶᠠᠨ 42.2% ᠶᠢ ᠪᠡᠶᠡᠯᠡᠬᠦᠯᠥᠭᠡᠳ ᠪᠤᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号