ᠰᠢᠯᠤᠭᠤᠨ ᠬᠥᠭᠡ ᠬᠤᠰᠢᠭᠤ ᠡᠪᠡᠰᠥᠨ ᠤ ᠠᠵᠤ ᠥᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/14
     ᠰᠢᠯᠤᠭᠤᠨ ᠬᠥᠭᠡ ᠬᠤᠰᠢᠭᠤ ᠴᠢᠨᠠᠷ ᠰᠠᠶᠢᠲᠠᠢ ᠲᠡᠵᠢᠭᠡᠯ ᠡᠪᠡᠰᠥ ᠲᠠᠷᠢᠬᠤ᠂ ᠡᠪᠡᠰᠥ ᠪᠤᠷᠲᠤᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠥᠷᠭᠡᠳᠭᠡᠬᠦ᠂ ᠬᠠᠮᠲᠤᠷᠠᠯᠴᠠᠭᠠᠨ ᠤ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢ ᠲᠡᠳᠬᠦᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠥᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠳᠬᠠᠬᠤ᠂ ᠠᠵᠤ ᠥᠢᠯᠡᠰ ᠤᠨ ᠬᠡᠯᠬᠢᠶᠡᠵᠢᠯ ᠢ ᠤᠷᠲᠤᠳᠬᠠᠬᠤ ᠵᠡᠷᠭᠡ ᠬᠡᠯᠪᠡᠷᠢ ᠪᠠᠷ ᠲᠠᠮᠵᠢᠭᠤᠯᠤᠨ ᠲᠡᠵᠢᠭᠡᠯ ᠡᠪᠡᠰᠥᠨ ᠤ ᠠᠵᠤ ᠥᠢᠯᠡᠰ ᠤᠨ ᠬᠥᠭᠵᠢᠯᠲᠡ ᠶᠢᠨ ᠬᠡᠪᠴᠢᠶᠡᠵᠢᠯᠲᠡ᠂ ᠪᠠᠷᠢᠮᠵᠢᠶᠠᠵᠢᠯᠲᠡ ᠪᠤᠯᠤᠨ ᠮᠠᠰᠢᠨᠴᠢᠯᠠᠯᠲᠠ ᠶᠢ ᠪᠡᠶᠡᠯᠡᠬᠦᠯᠵᠥ ᠪᠠᠶᠢᠨ᠎ᠠ᠃      ᠲᠤᠰ ᠬᠤᠰᠢᠭᠤᠨ ᠤ ᠰᠠᠩ ᠤᠨ ᠲᠠᠯᠠᠢ ᠳᠠᠬᠢ ᠲᠤᠭᠠᠴᠢᠯᠠᠭᠰᠠᠨ ᠡᠪᠡᠰᠥᠨ ᠤ ᠥᠢᠯᠡᠰ ᠤᠨ ᠲᠤᠭᠤᠷᠢᠭ ᠤᠨ 8 ᠰᠠᠭᠤᠷᠢ ᠡᠪᠡᠰᠥ ᠨᠥᠭᠡᠴᠡᠯᠡᠬᠦ ᠬᠥᠮᠥᠷᠭᠡ ᠳᠤ ᠲᠥᠭᠦᠷᠡᠩ ᠡᠪᠡᠰᠥ ᠬᠤᠷᠢᠶᠠᠵᠥ᠂ ᠬᠠᠵᠠᠭᠤ ᠳᠤᠨᠢ ᠠᠵᠢᠯᠴᠢᠳ ᠲᠤᠰᠬᠠᠢ ᠮᠠᠰᠢᠨ ᠲᠥᠭᠦᠭᠡᠷᠥᠮᠵᠢ ᠶᠢ ᠠᠰᠢᠭᠯᠠᠨ ᠲᠡᠵᠢᠭᠡᠯ ᠪᠤᠷᠲᠤᠭ᠎ᠠ ᠥᠢᠯᠡᠳᠪᠤᠷᠢᠯᠡᠵᠥ ᠪᠠᠶᠢᠪᠠ᠃ ᠡᠨᠡᠬᠦ ᠡᠪᠡᠰᠥᠨ ᠤ ᠥᠢᠯᠡᠰ ᠤᠨ ᠲᠤᠭᠤᠷᠢᠭ ᠪᠤᠯ ᠲᠤᠰ ᠬᠤᠰᠢᠭᠤᠨ ᠤ 2023 ᠤᠨ ᠳᠤ ᠬᠡᠷᠡᠭᠵᠢᠬᠦᠯᠥᠭᠰᠡᠨ ᠬᠥᠲᠡᠭᠡ ᠲᠤᠰᠬᠤᠨ ᠢ ᠬᠥᠭᠵᠢᠬᠦᠯᠥᠨ ᠮᠠᠨᠲᠤᠭᠤᠯᠬᠤ ᠶᠢ ᠵᠤᠯᠭᠠᠭᠤᠯᠬᠤ ᠪᠡᠯᠡ ᠮᠥᠡᠭᠭᠦᠨ ᠤ ᠲᠥᠷᠥᠯ ᠵᠥᠢᠯ ᠪᠤᠯᠬᠤ ᠪᠠᠷ ᠪᠠᠷᠠᠬᠤ ᠥᠭᠡᠢ ᠪᠠᠰᠠ ᠲᠤᠰ ᠬᠤᠰᠢᠭᠤᠨ ᠤ ᠡᠪᠡᠰᠥ ᠪᠡᠯᠴᠢᠭᠡᠷ ᠤᠨ ᠠᠵᠤ ᠥᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠤᠯᠲᠠᠯᠭ᠎ᠠ ᠲᠠᠢ ᠲᠥᠷᠥᠯ ᠵᠥᠢᠯ ᠤᠨ ᠨᠢᠭᠡ ᠪᠤᠯᠤᠨ᠎ᠠ᠃ ᠲᠤᠰ ᠲᠤᠭᠤᠷᠢᠭ ᠨᠢ ᠤᠲᠤ ᠥᠶ᠎ᠠ ᠶᠢᠨ ᠮᠠᠯ ᠪᠡᠯᠴᠢᠭᠡᠷ ᠢ ᠨᠢᠭᠡ ᠴᠤᠭᠴᠠᠵᠢᠭᠤᠯᠬᠤ ᠪᠠᠷ ᠭᠤᠤᠯ ᠪᠤᠯᠭᠠᠨ ᠲᠡᠵᠢᠭᠡᠯ ᠡᠪᠡᠰᠥ ᠬᠤᠷᠢᠶᠠᠨ ᠨᠥᠭᠡᠴᠡᠯᠡᠬᠦ ᠪᠠ ᠬᠥᠷᠭᠡᠬᠦ᠂ ᠬᠤᠯᠢᠮᠠᠭ ᠪᠤᠷᠲᠤᠭ᠎ᠠ ᠥᠢᠯᠡᠳᠪᠤᠷᠢᠯᠡᠬᠦ ᠶᠢ ᠪᠡᠶᠡᠯᠡᠬᠦᠯᠵᠥ᠂ ᠡᠲᠥᠷ ᠲᠤ 700 ᠲᠤᠨ ᠬᠤᠯᠢᠮᠠᠭ ᠪᠤᠷᠲᠤᠭ᠎ᠠ ᠥᠢᠯᠡᠳᠪᠤᠷᠢᠯᠡᠬᠦ ᠥᠷᠲᠡᠭᠡ ᠪᠠᠶᠢᠭᠤᠯᠵᠥ᠂ ᠲᠡᠵᠢᠭᠡᠯ ᠡᠪᠡᠰᠥᠨ ᠤ ᠠᠵᠤ ᠥᠢᠯᠡᠰ ᠤᠨ ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠵᠥ᠂ ᠬᠥᠢᠯᠭᠡᠭᠡᠨ ᠤ ᠭᠤᠭᠴᠤᠭ᠎ᠠ ᠶᠢ ᠪᠠᠭᠠᠰᠬᠠᠨ ᠥᠪᠡᠷ ᠤᠨ ᠥᠷᠲᠡᠭ ᠢ ᠪᠠᠭᠤᠷᠠᠭᠤᠯᠵᠥ᠂ ᠮᠠᠯᠵᠢᠬᠤ ᠲᠠᠷᠢᠶᠠᠯᠠᠬᠤ ᠡᠷᠥᠭᠡ ᠳᠤ ᠬᠢᠮᠲᠠ ᠮᠥᠷᠲᠡᠭᠡᠨ ᠴᠢᠨᠠᠷ ᠰᠠᠶᠢᠲᠠᠢ ᠡᠪᠡᠰᠥ ᠪᠤᠷᠲᠤᠭ᠎ᠠ ᠬᠠᠨᠭ᠍ᠭᠠᠵᠥ ᠪᠤᠢ᠃ ᠥᠪᠤᠷ ᠮᠤᠩᠭᠤᠯ ᠤᠨ ᠲᠤᠭᠠᠴᠢᠯᠠᠭᠰᠠᠨ ᠲᠡᠵᠢᠭᠡᠯ ᠡᠪᠡᠰᠥᠨ ᠤ ᠥᠢᠯᠡᠰ ᠤᠨ ᠬᠢᠵᠠᠭᠠᠷᠲᠤ ᠺᠤᠮᠫᠠᠨᠢ ᠶᠢᠨ ᠲᠡᠳ᠋ ᠲᠠᠷᠤᠭ᠎ᠠ ᠰᠢᠶᠠ ᠬᠠᠢ ᠫᠸᠡᠭ᠄ ︽ᠪᠢᠲᠡ ᠲᠡᠵᠢᠭᠡᠯ ᠡᠪᠡᠰᠥ ᠶᠢ ᠶᠡᠭᠡ ᠬᠡᠮᠵᠢᠶ᠎ᠠ ᠪᠠᠷ ᠨᠥᠭᠡᠴᠡᠯᠡᠵᠥ᠂ ᠭᠤᠤᠯᠲᠠᠭᠤ ᠡᠲᠥᠷ ᠲᠤᠲᠤᠮ ᠤᠨ ᠬᠡᠷᠡᠭᠯᠡᠯᠲᠡ ᠪᠠ ᠪᠠᠴᠢᠮ ᠬᠡᠷᠡᠭᠴᠡᠭᠡ ᠲᠠᠢ ᠥᠶ᠎ᠠ ᠳᠤ ᠬᠡᠷᠡᠭᠯᠡᠨ᠎ᠠ᠃ ᠤᠲᠤᠬᠠᠨ ᠳᠤ ᠨᠢᠭᠡᠨᠲᠡ 1800 ᠲᠤᠨ ᠨᠥᠭᠡᠴᠡᠯᠡᠭᠡᠳ ᠪᠤᠢ︾ ᠬᠡᠵᠥ ᠲᠠᠨᠢᠯᠴᠠᠭᠤᠯᠪᠠ᠃      ᠤᠶᠢᠷ᠎ᠠ ᠶᠢᠨ ᠵᠢᠯ ᠲᠤᠰ ᠬᠤᠰᠢᠭᠤ ᠲᠡᠵᠢᠭᠡᠯ ᠪᠤᠷᠲᠤᠭ᠎ᠠ ᠨᠥᠭᠡᠴᠡᠯᠡᠬᠦ ᠠᠵᠢᠯ ᠢ ᠲᠡᠭᠡᠲᠥ ᠬᠡᠮᠵᠢᠶ᠎ᠠ ᠪᠠᠷ ᠴᠢᠬᠤᠯᠠᠴᠢᠯᠠᠵᠥ᠂ ᠡᠪᠡᠰᠥ ᠪᠤᠷᠲᠤᠭᠠᠨ ᠤ ᠠᠵᠤ ᠠᠬᠤᠶᠢᠯᠠᠯ ᠲᠠᠢ ᠬᠠᠮᠲᠤᠷᠠᠯᠴᠠᠨ ᠬᠢᠮᠲᠠ ᠥᠨ᠎ᠠ ᠪᠠᠷ ᠮᠠᠯᠵᠢᠬᠤ ᠲᠠᠷᠢᠶᠠᠯᠠᠬᠤ ᠡᠷᠥᠭᠡ ᠳᠤ ᠴᠢᠨᠠᠷ ᠰᠠᠶᠢᠲᠠᠢ ᠲᠡᠵᠢᠭᠡᠯ ᠪᠤᠷᠲᠤᠭ᠎ᠠ ᠬᠠᠨᠭ᠍ᠭᠠᠵᠥ᠂ ᠲᠠᠷᠢᠶᠠᠨ ᠤ ᠡᠰᠢ ᠰᠥᠷᠡᠯ ᠢ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠵᠥ ᠪᠤᠢ᠃ ᠡᠬᠦᠨ ᠤ ᠬᠠᠮᠲᠤ ᠡᠪᠡᠰᠥ ᠪᠤᠷᠲᠤᠭᠠᠨ ᠤ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠥ᠂ ᠶᠠᠰᠤ ᠴᠢᠨᠠᠷ ᠠᠮᠤᠷ ᠲᠥᠪᠰᠢᠨ ᠢ ᠪᠠᠲᠤᠯᠠᠨ ᠮᠠᠯ ᠠᠵᠤ ᠠᠬᠤᠢ ᠶᠢᠨ ᠲᠤᠭᠲᠠᠭᠤᠨ ᠬᠥᠭᠵᠢᠯᠲᠡ ᠳᠤ ᠪᠠᠲᠤᠯᠠᠭ᠎ᠠ ᠬᠠᠨᠭ᠍ᠭᠠᠵᠥ ᠪᠠᠶᠢᠨ᠎ᠠ᠃ ᠤᠶᠢᠯᠠᠭᠠᠭᠰᠠᠨ ᠢᠶᠠᠷ᠂ ᠤᠲᠤᠬᠠᠨ ᠪᠤᠯᠲᠠᠯ᠎ᠠ ᠲᠤᠰ ᠬᠤᠰᠢᠭᠤ 19.1 ᠲᠥᠮᠡᠨ ᠲᠤᠨ ᠡᠪᠡᠰᠥ ᠬᠠᠲᠤᠵᠥ᠂ 30.5 ᠲᠥᠮᠡᠨ ᠲᠤᠨ ᠨᠤᠭᠤᠭᠠᠨ ᠲᠠᠷᠤᠰᠢ ᠪᠠ 2.5 ᠲᠥᠮᠡᠨ ᠲᠤᠨ ᠨᠤᠬᠠᠢ ᠶᠢᠨ ᠬᠤᠰᠢᠭᠤ ᠨᠥᠭᠡᠴᠡᠯᠡᠵᠥ᠂ ᠮᠠᠯ ᠰᠥᠷᠥᠭ ᠤᠨ ᠮᠡᠨᠲᠥ ᠤᠨᠲᠤᠷᠤᠯᠲᠠ ᠳᠤ ᠪᠥᠬᠦ ᠬᠥᠴᠥᠨ ᠢᠶᠠᠷ ᠪᠠᠲᠤᠯᠠᠭ᠎ᠠ ᠬᠠᠨᠭ᠍ᠭᠠᠵᠥ ᠪᠤᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号