ᠬᠢᠯᠢ ᠶᠢᠨ ᠮᠠᠯᠴᠢᠡ ᠤ ᠤᠳᠤᠭᠢᠴᠢᠯᠠᠭᠰᠠᠠ ᠠᠮᠢᠳᠤᠷᠠᠯ ᠤᠨ ᠪᠠᠶᠠᠰᠬᠤᠯᠠᠩ
ᠨᠡᠶᠢᠲᠡᠯᠡᠭᠰᠡᠨ ᠴᠠᠭ᠄
2024/10/14
     ᠲᠠᠩᠰᠤᠭ ᠨᠠᠮᠤᠷ ᠰᠠᠭᠠᠳᠠᠭᠰᠠᠠ ᠲᠡᠮᠡᠴᠢ ᠶᠢᠨ ᠲᠠᠯ᠎ᠠ ᠳᠤ ᠲᠠᠪᠤᠠ ᠬᠤᠰᠢᠭᠤ ᠮᠠᠯ ᠨᠢ ᠲᠠᠷᠭᠤᠠ ᠲᠠᠪᠠᠳᠠᠢ ᠪᠡᠯᠴᠢᠵᠤ᠂ ᠡᠯᠪᠡᠭ ᠬᠤᠷᠢᠶᠠᠯᠳᠠ ᠶᠢᠨ ᠲᠠᠭᠤᠠ ᠬᠠᠨᠭ᠍ᠭᠢᠨᠠᠨ ᠦᠡᠭᠰᠢᠭ ᠨᠠᠮᠤᠷ ᠤᠨ ᠦᠵᠡᠮᠵᠢ ᠲᠤᠳᠤᠷᠠᠵᠥ᠂ ᠠᠵᠢᠯᠴᠢ ᠮᠠᠯᠴᠢᠤᠡ ᠮᠠᠩᠨᠠᠢ ᠲᠡᠶᠢᠢᠨ ᠪᠠᠶᠠᠰᠤᠨ᠎ᠠ᠃      ᠲᠤᠮᠳᠠᠳᠤ ᠮᠤᠩᠭᠤᠯ ᠤᠨ ᠬᠢᠯᠢ ᠶᠢᠨ ᠱᠤᠭᠤᠮ ᠠᠴᠠ 8 ᠭᠠᠵᠠᠷ ᠵᠠᠶᠢᠳᠠᠢ ᠪᠠᠶᠢᠷᠢᠯᠠᠭ᠎ᠠ ᠰᠦᠨᠢᠳ ᠵᠡᠬᠦᠨ ᠬᠤᠰᠢᠭᠤᠨ ᠤ ᠲᠠᠯᠠᠢ ᠰᠤᠮᠤ ᠶᠢᠨ ᠪᠠᠶᠠᠨᠪᠤᠯᠠᠭ ᠭᠠᠴᠠᠭᠠᠨ ᠤ ᠮᠠᠯᠴᠢᠨ ᠡᠷᠬᠡᠳᠤ ᠶᠢᠨ ᠬᠢ ᠬᠤᠰᠢᠭᠤᠨ ᠲᠦᠪ ᠮᠠᠨᠳᠠᠯᠳᠤ ᠪᠠᠯᠭᠠᠰᠤᠨ ᠠᠴᠠ ᠪᠠᠨ 260 ᠭᠠᠷᠤᠢ ᠭᠠᠵᠠᠷ ᠵᠠᠶᠢᠲᠠᠢ ᠴᠥ ᠵᠠᠮ ᠬᠠᠷᠢᠯᠴᠠᠭ᠎ᠠ ᠲᠦᠭᠦᠮ ᠦᠭᠡᠢ ᠭᠡᠳᠡᠭ ᠢ ᠬᠤᠶᠠᠷ ᠴᠠᠭ ᠭᠠᠷᠤᠢ ᠠᠶᠠᠯᠠᠨ ᠪᠠᠶᠢᠵᠤ ᠰᠠᠶ᠋ᠢ ᠬᠦᠷᠦᠭᠰᠡᠨ ᠪᠢᠳᠡ ᠤᠶᠢᠯᠠᠭᠠᠵᠤ ᠪᠢᠯᠡ᠃      ᠲᠠᠯ᠎ᠠ ᠶᠢᠨ ᠬᠦᠨ ᠳᠤ ᠰᠠᠭᠤᠷᠢᠰᠢᠭᠰᠠᠨ ᠡᠳᠡᠨᠡᠶᠢᠬᠢᠨ ᠤᠰᠤ ᠴᠠᠬᠢᠯᠭᠠᠨ ᠴᠢᠮᠡᠭᠡ ᠬᠤᠯᠪᠤᠭ᠎ᠠ ᠴᠤ ᠲᠦᠭᠦᠮ ᠦᠭᠡᠢ ᠪᠠᠶᠢᠬ᠎ᠠ ᠭᠡᠵᠤ ᠪᠤᠳᠤᠭᠰᠠᠭᠠᠷ ᠪᠢᠲᠠ ᠡᠭᠦᠳᠡᠨ ᠳᠤᠨᠢ ᠤᠶᠢᠷᠠᠤᠨᠴᠤ ᠪᠠᠭᠤᠪᠠ᠃ ᠭᠡᠷ ᠤᠨ ᠡᠵᠡᠨ ᠡᠷᠬᠡᠳᠤ ᠭᠡᠷᠭᠡᠢ ᠨᠤᠮᠢᠨᠬᠤᠸᠠᠷ ᠲᠠᠢ ᠪᠠᠨ ᠪᠢᠳᠡᠨ ᠢ ᠬᠠᠯᠠᠭᠤᠨ ᠢᠶᠠᠷ ᠤᠭᠳᠤᠵᠤ ᠭᠡᠷ ᠲᠡᠭᠡᠨ ᠵᠠᠯᠠᠯ᠎ᠠ᠃ ᠴᠡᠪᠡᠷ ᠲᠤᠬᠢᠯᠢᠭ ᠭᠡᠷ ᠲᠤᠨᠢ ᠲᠤᠮᠤ ᠭᠡᠭᠴᠢ ᠲᠤᠯᠸᠢᠰ᠂ ᠠᠭᠠᠷ ᠴᠡᠪᠡᠷᠰᠢᠬᠦᠯᠦᠭᠴᠢ᠂ ᠬᠤᠪᠴᠠᠰᠤ ᠤᠬᠢᠶᠠᠬᠤ ᠮᠠᠰᠢᠨ ᠵᠡᠷᠭᠡ ᠴᠠᠬᠢᠯᠭᠠᠨ ᠬᠡᠷᠡᠭᠰᠡᠯ ᠠᠴᠠ ᠭᠠᠳᠠᠨ᠎ᠠ ᠺᠤᠮᠫᠢᠦ᠋ᠲ᠋ᠤᠷ᠂ ᠠᠯᠤᠰ ᠡᠵᠡᠮᠳᠡᠬᠦᠷ᠂ ᠤᠶᠤᠨᠴᠢᠯᠠᠭᠰᠠᠨ ᠲᠤᠯᠠᠭᠠᠯᠠᠭ᠎ᠠ ᠬᠠᠩᠭᠠᠬᠤ ᠲᠦᠭᠦᠭᠡᠷᠦᠮᠵᠢ ᠵᠡᠷᠭᠡ ᠰᠢᠨ᠎ᠡ ᠮᠠᠶ᠋ᠢᠭ ᠤᠨ ᠭᠡᠷ ᠤᠨ ᠡᠳ᠋ᠯᠡᠯ ᠬᠡᠷᠡᠭᠰᠡᠯ ᠪᠦᠷᠢᠨ ᠪᠠᠶᠢᠭᠰᠠᠨ ᠨᠢ ᠪᠢᠳᠠᠠ ᠤ ᠰᠠᠨᠠᠭᠠᠰᠢᠷᠠᠭᠰᠠᠨ ᠵᠦᠢᠯᠡᠰ ᠢᠯᠡᠬᠦᠴᠡ ᠬᠡᠲᠡᠭ ᠢᠶᠠᠨ ᠮᠡᠳᠡᠷᠡᠵᠡᠢ᠃ ︽ᠤᠳᠤ ᠮᠠᠰᠢ ᠲᠦᠭᠦᠮ ᠪᠤᠯᠤᠭᠰᠠᠨ ᠰᠢᠤ᠂ ᠬᠡᠷ ᠲᠡᠭᠡᠨ ᠰᠠᠭᠤᠭᠠᠳ ᠬᠤᠨᠢ ᠦᠬᠡᠷ ᠢᠶᠠᠨ ᠬᠠᠷᠠᠴᠢᠬᠠᠨ᠎ᠠ᠂ ᠠᠮᠢᠳᠤᠷᠠᠯ ᠤᠨ ᠡᠳ᠋ᠯᠡᠯ ᠬᠡᠷᠡᠭᠰᠡᠯ᠂ ᠮᠠᠰᠢᠨ ᠲᠡᠷᠭᠡᠨ ᠤ ᠡᠷᠬᠢ ᠱᠤᠷᠠᠭ ᠵᠡᠷᠭᠡ ᠵᠦᠢᠯᠡᠰ ᠢ ᠪᠦᠷ ᠭᠠᠷ ᠤᠳᠠᠰᠤ ᠪᠠᠨ ᠬᠡᠷᠡᠭᠯᠡᠨ ᠰᠥᠯᠵᠢᠶᠡᠨ ᠲᠡᠭᠡᠷ᠎ᠡ ᠠᠴᠠ ᠠᠪᠤᠴᠢᠬᠠᠨ᠎ᠠ᠂ ᠭᠠᠷ ᠤᠳᠠᠰᠤᠨ ᠲᠡᠭᠡᠷᠡᠬᠢ ᠴᠢᠲᠠᠪᠬᠢ ᠪᠠᠷ ᠲᠤᠯᠠᠭᠠᠯᠠᠭ᠎ᠠ ᠪᠠᠨ ᠪᠠᠰᠠ ᠨᠡᠬᠡᠬᠡᠴᠢᠬᠡᠨ᠎ᠡ᠂ ᠤᠯᠠᠩᠬᠢ ᠵᠦᠢᠯ ᠢ ᠭᠠᠷ ᠤᠳᠠᠰᠤ ᠪᠠᠷ ᠡᠵᠡᠮᠰᠢᠵᠤ ᠲᠡᠶᠢᠯᠬᠦ ᠪᠤᠯᠵᠠᠢ︾ ᠭᠡᠵᠤ ᠡᠷᠬᠡᠳᠤ  ᠺᠤᠮᠫᠢᠦᠲ᠋ᠧᠷ ᠤᠨ ᠢᠶᠠᠨ ᠡᠮᠦᠨ᠎ᠡ ᠰᠠᠭᠤᠵᠥ᠂ ᠪᠡᠯᠴᠢᠭᠡᠷ ᠲᠡᠭᠡᠨ ᠢᠲᠡᠰᠢᠯᠡᠵᠥ ᠪᠠᠶᠢᠭ᠎ᠠ ᠬᠤᠨᠢ ᠪᠠᠨ ᠠᠯᠤᠰ ᠡᠵᠡᠮᠳᠡᠭᠦᠷ ᠢᠶᠠᠷ ᠢᠶᠠᠨ ᠪᠢᠳᠡᠨ ᠳᠤ ᠦᠵᠡᠬᠦᠯᠬᠦ ᠶᠢᠨ ᠬᠠᠮᠳᠤ ᠪᠠᠰᠠ ᠭᠠᠷ ᠤᠳᠠᠰᠤ ᠪᠠᠨ ᠨᠡᠬᠡᠬᠡᠵᠤ᠂ ᠡᠮᠦᠨ᠎ᠡ ᠬᠡᠳᠦᠨ ᠡᠳᠦᠷ ᠰᠦ᠋ᠯᠵᠢᠶᠡᠨ ᠲᠡᠭᠡᠷ᠎ᠡ ᠠᠴᠠ ᠶᠠᠭᠤᠮ᠎ᠠ ᠬᠤᠳᠠᠯᠳᠤᠨ ᠠᠪᠤᠭᠰᠠᠨ ᠲᠡᠮᠳᠡᠭᠯᠡᠯ ᠢᠶᠠᠨ ᠦᠵᠡᠬᠦᠯᠦᠨ᠎ᠡ᠃ ᠤᠳᠤ ᠴᠠᠭ ᠤᠨ ᠡᠳ᠋ᠯᠠᠯ ᠭᠡᠷᠡᠭᠰᠡᠯ ᠢᠶᠠᠷ ᠦᠷᠦᠭᠡ ᠭᠡᠷ ᠢᠶᠠᠨ ᠴᠢᠮᠡᠵᠤ᠂ ᠲᠡᠯᠡᠭᠡᠢ  ᠶᠢᠷᠲᠢᠨᠴᠦ ᠶᠢᠨ ᠰᠤᠨᠢᠡ ᠭᠠᠶᠢᠬᠠᠮᠰᠢᠭ ᠢ ᠬᠤᠶᠢᠮᠤᠷ ᠲᠠᠭᠠᠨ ᠰᠠᠭᠤᠠ ᠤᠶᠢᠯᠠᠭᠠᠵᠤ᠂ ᠤᠳᠤᠭᠢᠴᠢᠯᠠᠭᠰᠠᠠ ᠲᠦᠭᠦᠭᠡᠷᠦᠮᠵᠢ ᠶᠢ ᠦᠢᠯᠡᠤᠨᠪᠤᠷᠢᠯᠡᠯ ᠠᠮᠢᠳᠤᠷᠠᠯ ᠳᠠᠭᠠᠨ ᠭᠡᠷᠡᠭᠯᠡᠵᠤ ᠪᠠᠶᠢᠭ᠎ᠠ ᠲᠠᠯ᠎ᠠ ᠶᠢᠨ ᠮᠠᠯᠴᠢᠡ ᠤ ᠠᠮᠢᠳᠤᠷᠠᠯ ᠭᠡᠵᠤ ᠪᠠᠭ᠋ᠠᠷᠤᠭᠤᠰᠢᠳᠠᠢ᠃      ᠡᠷᠬᠡᠳᠤ ᠶᠢᠨ ᠬᠢ ᠭᠡᠷ ᠲᠡᠭᠡᠨ ᠲᠠᠪᠤᠭᠤᠯᠠ᠂ ᠬᠤᠪᠢᠳᠠᠨ ᠲᠠᠭᠠᠭᠠᠴᠢᠯᠠᠭᠰᠠᠨ ᠨᠤᠳᠤᠭ ᠪᠡᠯᠴᠢᠭᠡᠷ ᠲᠡᠭᠡᠷ᠎ᠠ ᠪᠠᠨ ᠪᠤᠰᠤᠳ ᠠᠴᠠ ᠪᠠᠰᠠ ᠨᠤᠳᠤᠭ ᠲᠦᠷᠢᠶᠡᠰᠦᠯᠡᠵᠥ᠂ ᠪᠡᠯᠴᠢᠭᠡᠷ ᠤᠨ ᠢᠶᠠᠨ ᠲᠠᠭᠠᠭᠠᠴᠠ ᠶᠢ ᠦᠨᠳᠦᠰᠦᠯᠡᠨ 400 ᠭᠠᠷᠤᠢ ᠰᠦᠨᠢᠳ ᠬᠤᠨᠢ ᠪᠠ 50 ᠭᠠᠷᠤᠢ ᠨᠤᠳᠤᠭ ᠤᠨ ᠦᠬᠡᠷ ᠮᠠᠯᠵᠢᠵᠤ᠂ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢᠶᠠᠨ ᠰᠠᠶᠢᠵᠢᠷᠠᠭᠤᠯᠤᠨ᠂ ᠮᠠᠯ ᠤᠨ ᠡᠭᠦᠯᠳᠡᠷ ᠤᠭᠰᠠᠭ᠎ᠠ ᠪᠠᠨ ᠰᠢᠯᠢᠳᠡᠭᠵᠢᠬᠦᠯᠵᠤ᠂ ᠠᠷᠢᠭᠤᠨ ᠬᠦᠳᠡᠯᠮᠦᠷᠢ ᠤᠬᠠᠭᠠᠨ ᠲᠠᠮᠢᠷ ᠢᠶᠠᠷ ᠠᠮᠢᠳᠤᠷᠠᠯ ᠢᠶᠠᠨ ᠦᠬᠡᠳᠡᠯᠡᠬᠦᠯᠦᠭᠰᠡᠭᠡᠷ ᠢᠷᠡᠵᠡᠢ᠃ ᠡᠭᠦᠯᠳᠡᠷ ᠤᠨ ᠮᠠᠯ ᠮᠠᠯᠵᠢᠵᠤ᠂ ᠴᠦᠬᠡᠨ ᠮᠠᠯ ᠠᠴᠠ ᠦᠨᠳᠦᠷ ᠦᠷ᠎ᠡ ᠠᠰᠢᠭ ᠬᠦᠷᠳᠡᠬᠦ ᠵᠠᠮ ᠢᠶᠠᠷ ᠵᠠᠮᠨᠠᠵᠥ ᠪᠠᠶᠢᠭ᠎ᠠ ᠤᠳᠤ ᠡᠷᠢᠨ ᠳᠤ ᠡᠳᠡᠨᠡᠶᠢᠬᠢᠨ ᠪᠡᠯᠴᠢᠭᠡᠷ ᠤᠨ ᠮᠠᠯ ᠠᠵᠤ ᠠᠬᠤᠢ ᠶᠢ ᠡᠷᠬᠢᠮᠯᠡᠨ ᠨᠤᠳᠤᠭ ᠤᠨ ᠡᠬᠦᠯᠲᠡᠷ ᠭᠤᠤᠯᠲᠠᠢ ᠮᠠᠯ ᠮᠠᠯᠵᠢᠳᠠᠭ ᠤᠨ ᠢᠶᠠᠨ ᠲᠤᠬᠠᠢ᠄ ︽ᠮᠢᠨᠤ ᠪᠤᠳᠤᠬᠤ ᠪᠠᠷ ᠨᠤᠳᠤᠭ ᠤᠨ ᠡᠬᠦᠯᠲᠡᠷ ᠪᠤᠯ ᠤᠷᠤᠨ ᠨᠤᠳᠤᠭ ᠤᠨ ᠪᠠᠶᠢᠭᠠᠯᠢ ᠤᠷᠴᠢᠨ ᠳᠤ ᠲᠠᠰᠴᠥ᠂ ᠠᠭᠤᠷ ᠠᠮᠢᠰᠬᠤᠯ ᠳᠠᠭᠠᠨ ᠵᠤᠬᠢᠴᠠᠭᠰᠠᠨ ᠦᠪᠡᠷ ᠤᠨ ᠤᠨᠴᠠᠯᠢᠭ ᠲᠠᠢ᠂ ᠮᠠᠯᠵᠢᠬᠤ ᠳᠤ ᠲᠦᠭᠦᠮ᠂ ᠰᠢᠮ᠎ᠡ ᠲᠡᠵᠢᠭᠡᠯ ᠰᠠᠶᠢᠳᠠᠢ᠂ ᠲᠡᠭᠡᠭᠦ ᠪᠠᠷ ᠪᠢ ᠤᠳᠠᠭᠠᠨ ᠵᠢᠯ ᠨᠤᠳᠤᠭ ᠤᠨ ᠡᠬᠦᠯᠲᠡᠷ ᠤᠨ ᠮᠠᠯ ᠢᠶᠠᠨ ᠮᠠᠯᠵᠢᠭᠰᠠᠭᠠᠷ ᠢᠷᠡᠵᠡᠢ︾ ᠭᠡᠵᠤ ᠡᠷᠬᠡᠳᠤ ᠦᠵᠡᠯᠳᠡ ᠪᠠᠨ ᠲᠡᠯᠭᠡᠭᠰᠡᠨ ᠢᠶᠠᠨ ᠵᠠᠯᠭᠠᠭᠠᠳ ᠪᠠᠰᠠ ︽ᠶᠠᠮᠠᠷ ᠡᠭᠦᠯᠳᠡᠷ ᠤᠨ ᠮᠠᠯ ᠮᠠᠯᠵᠢᠭᠰᠠᠨ ᠴᠤ ᠴᠢᠨᠠᠷ ᠴᠢᠨᠰᠠᠭ᠎ᠠ ᠶᠢ ᠨᠢ ᠲᠡᠭᠡᠭᠰᠢᠯᠡᠬᠦᠯᠬᠦ ᠬᠡᠷᠡᠭᠳᠡᠢ᠂ ᠪᠡᠯᠴᠢᠬᠡᠷᠯᠡᠬᠦᠯᠦᠨ ᠮᠠᠯᠵᠢᠬᠤ ᠶᠢ ᠡᠷᠬᠢᠮᠯᠡᠵᠤ᠂ ᠮᠠᠯ ᠤᠨᠤᠭ᠎ᠠ ᠶᠢᠨ ᠢᠳᠡᠯᠬᠡ ᠶᠢ ᠬᠦᠢᠴᠡᠳ ᠦᠭᠴᠤ᠂ ᠡᠪᠦᠯ ᠤᠨ ᠤᠯᠠᠷᠢᠯ ᠳᠤ ᠲᠤᠯᠠᠭᠠᠬᠠᠨ ᠪᠠᠶᠢᠯᠭᠠᠵᠤ᠂ ᠡᠬᠡ ᠮᠠᠯ ᠤᠨ ᠲᠠᠷᠭᠤ ᠬᠦᠴᠦ ᠶᠢ ᠪᠠᠭᠤᠷᠠᠭᠤᠯᠬᠤ ᠦᠭᠡᠢ᠂ ᠴᠢᠨᠠᠷ ᠴᠢᠨᠰᠠᠭ᠎ᠠ ᠶᠢ ᠪᠠᠳᠤᠯᠠᠬᠤ ᠬᠡᠷᠡᠭᠳᠡᠢ︾ ᠭᠡᠵᠤ ᠶᠠᠷᠢᠯ᠎ᠠ᠃      ᠮᠠᠯ ᠠᠵᠤ ᠠᠬᠤᠢ ᠶᠢ ᠬᠦᠭᠵᠢᠬᠦᠯᠬᠦ ᠳᠤ ᠰᠠᠭᠤᠷᠢ ᠪᠦᠳᠦᠭᠡᠨ ᠪᠠᠶᠢᠭᠤᠯᠤᠯᠳᠠ ᠪᠤᠯ ᠥᠨᠲᠤᠰᠤᠨ ᠨᠦᠬᠦᠴᠡᠯ ᠪᠤᠯᠬᠤ ᠶᠢ ᠰᠠᠶᠢᠨ ᠮᠡᠳᠡᠳᠡᠭ ᠡᠷᠬᠡᠳᠤ ᠦᠩᠭᠡᠷᠡᠭᠰᠡᠨ ᠳᠤ ᠮᠠᠯ ᠤᠨ ᠦᠨ᠎ᠡ ᠬᠠᠩᠰᠢ ᠲᠤᠤᠷ᠎ᠠ᠂ ᠠᠮᠢᠳᠤᠷᠠᠯ ᠤᠨ ᠨᠦᠬᠦᠴᠡᠯ ᠠᠨᠠᠢ᠂ ᠵᠠᠮ ᠨᠡᠪᠳᠡᠷᠡᠯᠬᠡ ᠲᠦᠭᠦᠮ ᠦᠭᠡᠢ ᠪᠤᠯᠬᠤᠷ ᠭᠠᠳᠠᠨ᠎ᠠ ᠠᠴᠠ ᠸᠠᠭᠠᠷ ᠲᠤᠭᠤᠰᠬ᠎ᠠ ᠤᠷᠤᠭᠤᠯᠬᠤ ᠳᠤ ᠬᠦᠴᠢᠷ ᠪᠠᠶᠢᠳᠠᠯ ᠢ ᠲᠡᠰᠪᠦᠷᠢᠯᠡᠵᠤ᠂ ᠨᠤᠳᠤᠭ ᠲᠠᠭᠠᠨ ᠪᠠᠶᠢᠭ᠎ᠠ ᠬᠠᠳᠠ ᠴᠢᠯᠠᠭᠤ ᠶᠢ ᠲᠡᠭᠡᠭᠡᠵᠤ᠂ ᠬᠦᠯᠦᠰᠦᠨ ᠠᠵᠢᠯᠴᠢᠨ ᠬᠦᠯᠦᠰᠦᠯᠡᠨ ᠴᠢᠯᠠᠭᠤ ᠪᠠᠷ  ᠫᠧᠩ ᠬᠤᠷᠤᠭ᠎ᠠ ᠵᠡᠷᠭᠡᠯᠡᠨ ᠪᠤᠰᠬᠠᠵᠥ ᠬᠡᠷᠡᠭᠯᠡᠵᠤ ᠪᠠᠶᠢᠵᠠᠢ᠃ ᠰᠡᠬᠦᠯᠡᠷ ᠨᠢ ᠠᠮᠢᠳᠤᠷᠠᠯ ᠤᠨ ᠨᠦᠬᠦᠴᠡᠯ ᠰᠠᠶᠢᠵᠢᠷᠠᠬᠤ ᠶᠢ ᠲᠠᠭᠠᠯᠳᠤᠨ ᠪᠡᠯᠡ ᠤᠷᠤᠭᠤᠯᠤᠯᠳᠠ ᠪᠠᠨ ᠵᠢᠯ ᠲᠤᠲᠤᠮ ᠨᠡᠮᠡᠭᠳᠡᠬᠦᠯᠵᠥ᠂  ᠫᠧᠩ ᠬᠤᠷᠤᠭᠠᠨ ᠤ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠭᠰᠠᠨ ᠢᠶᠠᠷ ᠤᠳᠤ ᠪᠤᠯᠬᠤ ᠳᠤ ᠨᠡᠶᠢᠲᠡ 600 ᠬᠠᠪᠳᠠᠭᠠᠢ ᠲᠦᠷᠪᠡᠯᠵᠢᠨ  ᠮᠧᠲᠷ ᠲᠠᠯᠠᠪᠠᠢ ᠪᠦᠬᠦᠢ ᠦᠬᠡᠷ ᠤᠨ  ᠫᠧᠩ᠂ ᠬᠤᠨᠢᠨ ᠤ  ᠫᠧᠩ ᠪᠠᠶᠢᠭᠤᠯᠤᠭᠰᠠᠨ ᠪᠦᠭᠡᠳ ᠪᠠᠰᠠ ᠨᠠᠷᠠᠨ ᠤ   ᠡᠨᠧᠷᠬᠢ ᠪᠠᠷ ᠲᠤᠯᠠᠭᠠᠯᠠᠭ᠎ᠠ ᠬᠠᠩᠭᠠᠬᠤ  ᠰᠢᠰᠲ᠋ᠧᠮ ᠤᠭᠰᠠᠷᠠᠭᠰᠠᠨ ᠨᠢ ᠮᠠᠯ ᠠᠵᠤ ᠠᠬᠤᠢ ᠪᠠᠨ ᠬᠦᠭᠵᠢᠬᠦᠯᠬᠦ ᠳᠤ ᠰᠠᠶᠢᠨ ᠰᠠᠭᠤᠷᠢ ᠲᠠᠢ ᠪᠤᠯᠵᠠᠢ᠃      ᠪᠡᠯᠴᠢᠬᠡᠷᠯᠡᠬᠦᠯᠦᠨ ᠮᠠᠯᠵᠢᠬᠤ ᠪᠠᠷ ᠭᠤᠤᠯᠯᠠᠭᠰᠠᠨ ᠡᠷᠬᠡᠳᠤ ᠶᠢᠨ ᠬᠤᠨᠢ ᠥᠭᠡᠷ ᠤᠨ ᠮᠢᠬ᠎ᠠ ᠨᠢ ᠪᠠᠶᠢᠭᠠᠯᠢᠯᠢᠭ ᠮᠦᠷᠳᠡᠭᠡᠨ ᠰᠢᠮ᠎ᠡ ᠲᠡᠵᠢᠭᠡᠯ ᠰᠠᠶᠢᠳᠠᠢ ᠠᠴᠠ ᠬᠤᠯᠠ ᠤᠶᠢᠷ᠎ᠠ ᠳᠠᠭᠠᠨ ᠲᠠᠭᠠᠰᠢᠶᠠᠭᠳᠠᠵᠤ᠂ ᠡᠷᠬᠡᠳᠤ ᠪᠦᠰᠡᠬᠦᠢ ᠨᠤᠮᠢᠨᠬᠤᠸᠠᠷ ᠲᠠᠢ ᠪᠠᠨ ᠵᠦᠪᠳᠡᠯᠴᠡᠨ ᠵᠢᠯ ᠳᠤ ᠬᠤᠨᠢ ᠦᠬᠡᠷ ᠢᠶᠠᠨ ᠨᠢᠭᠡᠯᠡ ᠤᠳᠠᠭ᠎ᠠ ᠳᠤ ᠪᠦᠬᠦᠨ ᠢ ᠵᠠᠷᠤᠴᠠᠭᠤᠯᠬᠤ ᠪᠢᠰᠢ᠂ ᠬᠠᠷᠢᠨ ᠨᠢᠭᠡ ᠪᠥᠯᠥᠭ ᠢ ᠨᠢ ᠦᠯᠡᠳᠡᠭᠡᠨ ᠦᠪᠡᠷ ᠢᠶᠠᠨ ᠠᠯᠠᠵᠤ ᠨᠢᠳᠤᠯᠤᠨ ᠪᠤᠭᠤᠳᠠᠯᠯᠠᠵᠤ᠂ ᠲᠠᠨᠢᠵᠤ ᠮᠡᠳᠡᠳᠡᠭ ᠬᠦᠮᠦᠰ ᠲᠡᠭᠡᠨ ᠬᠤᠳᠠᠯᠳᠤᠬᠤ ᠪᠤᠯᠤᠭᠰᠠᠨ ᠨᠢ ᠵᠠᠬ᠎ᠠ ᠲᠡᠯᠭᠡᠭᠦᠷ ᠤᠨ ᠦᠨ᠎ᠡ ᠬᠠᠩᠰᠢ ᠶᠢᠨ ᠬᠡᠯᠪᠡᠯᠵᠡᠯ ᠠᠴᠠ ᠮᠠᠯ ᠤᠨ ᠠᠰᠢᠭ ᠰᠢᠮ᠎ᠡ ᠶᠢᠨ ᠪᠤᠷᠤᠯᠠᠭᠤᠯᠭ᠎ᠠ ᠨᠦᠯᠦᠬᠡᠯᠡᠭᠳᠡᠬᠦ ᠪᠠᠶᠢᠳᠠᠯ ᠢ ᠪᠠᠰᠠ ᠨᠢᠭᠡᠨ ᠬᠡᠮᠵᠢᠶᠡᠨ ᠳᠤ ᠠᠷᠭᠠᠴᠠᠭᠠᠵᠥ ᠤᠷᠤᠯᠭ᠎ᠠ ᠪᠠᠨ ᠨᠡᠮᠡᠭᠳᠡᠬᠦᠯᠵᠥ ᠪᠠᠶᠢᠭ᠎ᠠ ᠪᠢᠯᠡ᠃ ︽ᠪᠡᠯᠴᠢᠬᠡᠷᠯᠡᠬᠦᠯᠦᠨ ᠮᠠᠯᠵᠢᠭᠰᠠᠨ ᠮᠠᠯ ᠪᠤᠯᠬᠤᠷ ᠮᠢᠬᠠᠨ ᠤ ᠦᠨᠦᠷ ᠠᠮᠳᠠ ᠰᠠᠶᠢᠨ᠂ ᠰᠢᠨ᠎ᠡ ᠰᠤᠷᠭᠤᠭ ᠪᠤᠯᠬᠤᠷ ᠠᠪᠬᠤ ᠬᠦᠮᠦᠨ ᠤᠯᠠᠨ︾ ᠭᠡᠵᠤ ᠰᠡᠷᠬᠡᠭ ᠤᠬᠠᠭᠠᠨ ᠲᠠᠢ ᠨᠤᠮᠢᠨᠬᠤᠸᠠᠷ ᠶᠠᠷᠢᠨ᠎ᠠ᠃      ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ ᠪᠤᠯ ᠰᠢᠨ᠎ᠠ ᠮᠠᠯᠵᠢᠬᠤ ᠤᠷᠤᠨ ᠤ ᠬᠥᠭᠵᠢᠯᠲᠡ ᠶᠢᠨ ᠰᠠᠭᠤᠷᠢ ᠨᠦᠬᠦᠴᠡᠯ᠃ ᠨᠡᠶᠢᠭᠡᠮ ᠤᠨ ᠬᠦᠭᠵᠢᠯᠳᠡ ᠵᠢᠴᠢ ᠨᠠᠮ ᠵᠠᠰᠠᠭ ᠤᠨ ᠬᠠᠶᠢᠷ᠎ᠠ ᠬᠠᠯᠠᠮᠵᠢ᠂ ᠬᠠᠪᠰᠤᠷᠤᠯᠭ᠎ᠠ ᠲᠡᠮᠵᠢᠯᠭᠡ ᠲᠤᠤᠷ᠎ᠠ ᠬᠢᠯᠢ ᠶᠢᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢᠯᠡᠳᠳᠡ ᠰᠠᠶᠢᠵᠢᠷᠠᠵᠠᠢ᠃ ᠡᠷᠬᠡᠳᠤ ᠶᠢᠨ ᠬᠢ ᠴᠤ ᠲᠦᠷᠦ ᠶᠢᠨ ᠪᠤᠳᠤᠯᠭ᠎ᠠ ᠶᠢᠨ ᠠᠰᠢᠭ ᠢ ᠬᠦᠷᠳᠡᠵᠤ᠂ ᠵᠤᠰᠠᠯᠠᠩ ᠤᠨ ᠨᠤᠳᠤᠭ ᠨᠢ ᠴᠠᠬᠢᠯᠭᠠᠨ ᠤᠳᠠᠰᠤᠨ ᠱᠤᠭᠤᠮ ᠠᠴᠠ ᠤᠶᠢᠷᠠᠯᠴᠠᠭ᠎ᠠ ᠪᠤᠯᠬᠤᠷ 2019 ᠤᠨ ᠳᠤ ᠴᠠᠬᠢᠯᠭᠠᠨ ᠲᠠᠲᠠᠭᠰᠠᠨ ᠪᠠᠶᠢᠯ᠎ᠠ᠃ ᠴᠠᠬᠢᠯᠭᠠᠨ ᠨᠡᠪᠳᠡᠷᠡᠭᠰᠡᠨ ᠤ ᠲᠠᠷᠠᠭ᠎ᠠ ᠵᠢᠯ ᠳᠤᠨᠢ ᠮᠠᠰᠢᠨ ᠬᠤᠳᠳᠤᠭ ᠮᠠᠯᠲᠠᠵᠥ᠂ ᠬᠦᠮᠦᠨ ᠮᠠᠯ ᠤᠨ ᠠᠷᠢᠭᠤᠨ ᠴᠡᠪᠡᠷ ᠤᠰᠤ ᠤᠮᠳᠠ ᠶᠢᠨ ᠠᠰᠠᠭᠤᠳᠠᠯ ᠢᠶᠠᠨ ᠰᠶᠢᠳᠪᠦᠷᠢᠯᠡᠵᠡᠢ᠃ ᠡᠬᠦᠨ ᠤ ᠲᠠᠷᠠᠭ᠎ᠠ ᠪᠠᠷ ᠡᠷᠭᠡᠲᠥ ᠪᠠᠰᠠ 20 ᠭᠠᠷᠤᠢ ᠲᠦᠮᠡᠨ ᠲᠦᠭᠦᠷᠢᠭ ᠪᠡᠯᠡ ᠵᠠᠷᠤᠴᠠᠭᠤᠯᠤᠨ ᠵᠤᠰᠠᠯᠠᠩ ᠤᠨ ᠢᠶᠠᠨ ᠪᠠᠶᠢᠰᠢᠩ ᠠᠴᠠ ᠡᠮᠦᠨᠡᠰᠢ 4 ᠭᠠᠵᠠᠷ ᠤᠨ ᠵᠠᠢ ᠳᠤ ᠪᠠᠶᠢᠷᠢᠯᠠᠭ᠎ᠠ ᠪᠠᠶᠢᠩᠭᠤ ᠶᠢᠨ ᠰᠠᠭᠤᠷᠢᠰᠢᠯ ᠳᠠᠭᠠᠨ ᠴᠠᠬᠢᠯᠭᠠᠨ ᠨᠡᠪᠲᠡᠷᠡᠬᠦᠯᠥᠭᠰᠡᠨ ᠢᠶᠠᠷ 20 ᠭᠠᠷᠤᠢ ᠵᠢᠯ ᠴᠠᠬᠢᠯᠭᠠᠨ ᠬᠡᠷᠡᠭᠯᠡᠬᠦ ᠳᠤ ᠬᠦᠴᠢᠷ ᠠᠰᠠᠭᠤᠳᠠᠯ ᠢᠶᠠᠨ ᠰᠶᠢᠳᠪᠦᠷᠢᠯᠡᠭᠰᠡᠨ ᠪᠤᠯ 2020 ᠤᠨ ᠳᠤ ᠮᠠᠯᠵᠢᠬᠤ ᠲᠠᠷᠢᠶᠠᠯᠠᠬᠤ ᠤᠷᠤᠨ ᠳᠤ ᠤᠲᠠᠰᠤᠬᠦᠢ ᠥᠷᠭᠡᠨ ᠪᠦᠰᠡᠲᠦ ᠰᠦᠯᠵᠢᠶ᠎ᠡ ᠪᠦᠷᠬᠦᠭᠦᠯᠬᠦ ᠲᠦᠷᠦᠯ ᠵᠦᠢᠯ ᠢᠶᠠᠷ ᠭᠡᠷ ᠲᠡᠭᠡᠨ ᠰᠦᠯᠵᠢᠶ᠎ᠡ ᠨᠡᠪᠳᠡᠷᠡᠬᠦᠯᠥᠭᠰᠡᠨ ᠨᠢ ᠤᠯᠠᠨ ᠵᠢᠯ ᠦᠨᠳᠦᠷ ᠭᠠᠵᠠᠷ ᠡᠷᠢᠵᠤ ᠭᠠᠷ ᠤᠳᠠᠰᠤᠨ ᠲᠤᠬᠢᠶ᠎ᠠ ᠡᠷᠢᠳᠡᠭ ᠪᠠᠶᠢᠲᠠᠯ ᠢᠶᠠᠨ ᠥᠭᠡᠷᠡᠴᠢᠯᠡᠵᠥ᠂ ᠭᠡᠷ ᠲᠡᠭᠡᠨ ᠰᠠᠭᠤᠵᠥ ᠪᠠᠶᠢᠭᠠᠳ ᠭᠠᠳᠠᠨᠠᠬᠢ ᠲᠠᠢ ᠬᠠᠷᠢᠴᠠᠵᠤ ᠲᠡᠶᠢᠯᠬᠦ ᠪᠤᠯᠪᠠ᠃ ᠡᠶᠢᠨᠬᠦ ᠴᠠᠬᠢᠯᠭᠠᠨ ᠪᠤᠯᠤᠨ ᠰᠦᠯᠵᠢᠶ᠎ᠡ ᠨᠡᠪᠲᠡᠷᠡᠭᠰᠡᠨ ᠢᠶᠠᠷ 2021 ᠤᠨ ᠳᠤ 2 ᠲᠥᠮᠡ ᠭᠠᠷᠤᠢ ᠮᠥ ᠪᠡᠯᠴᠢᠭᠡᠷ ᠢᠶᠠᠨ ᠪᠦᠬᠦᠨ ᠢ ᠪᠦᠷᠬᠦᠬᠦᠯᠦᠭᠰᠡᠨ ᠠᠯᠤᠰ ᠡᠵᠡᠮᠳᠡᠭᠦᠷ ᠤᠭᠰᠠᠷᠠᠵᠤ᠂ ᠮᠤᠲ᠋ᠤᠷ ᠤᠨᠤᠭᠠᠳ ᠬᠤᠨᠢ ᠥᠭᠡᠷ ᠢᠶᠠᠨ ᠬᠠᠶᠠ ᠨᠢᠭᠡ ᠡᠷᠬᠢᠬᠦᠯᠳᠡᠭ ᠠᠴᠠ ᠪᠢᠰᠢ ᠤᠤᠯ ᠤᠨ ᠬᠢ ᠰᠢᠬ ᠡᠳᠦᠷ ᠪᠤᠯᠭᠠᠨ ᠠᠷᠤ ᠠᠴᠠ ᠨᠢ ᠲᠠᠭᠠᠬᠤ ᠴᠢᠬᠤᠯᠠ ᠦᠭᠡᠢ ᠪᠤᠯᠤᠭᠰᠠᠨ ᠪᠠᠶᠢᠯ᠎ᠠ᠃ ᠭᠡᠷ ᠲᠡᠭᠡᠨ ᠤᠶᠤᠨᠴᠢᠯᠠᠭᠰᠠᠨ ᠲᠤᠯᠠᠭᠠᠯᠠᠭ᠎ᠠ ᠤᠷᠤᠭᠤᠯᠤᠭᠰᠠᠨ ᠪᠤᠯᠬᠤᠷ ᠭᠠᠲᠠᠭᠰᠢ ᠭᠠᠷᠤᠭᠠᠳ ᠪᠤᠴᠠᠵᠥ ᠢᠷᠡᠬᠦ ᠠᠴᠠ ᠡᠮᠦᠨ᠎ᠡ ᠭᠠᠷ ᠤᠳᠠᠰᠤ ᠪᠠᠷ ᠢᠶᠠᠨ ᠭᠡᠷ ᠤᠨ ᠲᠤᠯᠠᠭᠠᠨ ᠤ ᠬᠡᠮᠵᠢᠶ᠎ᠡ ᠪᠠᠨ ᠲᠤᠬᠢᠷᠠᠭᠤᠯᠳᠠᠭ ᠪᠤᠯᠬᠤᠷ ᠬᠡᠳᠦᠢ ᠬᠦᠢᠳᠡᠨ ᠡᠳᠦᠷ ᠪᠠᠶᠢᠭᠰᠠᠨ ᠴᠤ ᠭᠡᠷ ᠲᠡᠭᠡᠨ ᠤᠷᠤᠭᠠᠳ ᠢᠷᠡᠬᠦ ᠳᠤ ᠪᠥᠯᠢᠶᠡᠨ ᠲᠤᠯᠠᠭᠠᠨ ᠠᠭᠠᠷ ᠡᠮᠥᠨ᠎ᠠ ᠠᠴᠠ ᠨᠢ ᠤᠭᠲᠤᠲᠠᠭ᠃ ᠡᠲᠥᠷ ᠲᠤᠲᠤᠮ ᠬᠡᠷᠡᠭᠰᠡᠬᠦ ᠤᠯᠠᠩᠭᠢ ᠵᠥᠢᠯ ᠢᠶᠠᠨ ᠲᠤᠤᠷ ᠰᠦᠯᠵᠢᠶ᠎ᠡ ᠠᠴᠠ ᠠᠪᠲᠠᠭ ᠪᠤᠯᠬᠤᠷ ᠪᠠᠶᠢᠩᠭᠤ ᠬᠤᠰᠢᠭᠤ ᠤᠷᠤᠬᠤ ᠬᠡᠷᠡᠭ ᠦᠭᠡᠢ ᠪᠤᠯᠤᠭᠰᠠᠨ ᠨᠢ ᠲᠤᠰᠤ ᠤᠰᠤᠨ ᠤ ᠵᠠᠷᠤᠯᠭ᠎ᠠ ᠶᠢ ᠴᠥ ᠶᠡᠬᠡᠪᠡᠷ ᠠᠷᠪᠢᠯᠠᠳᠠᠭ ᠭᠡᠵᠥ ᠪᠠᠶᠢᠯ᠎ᠠ᠃ ︽ᠴᠠᠬᠢᠯᠭᠠᠨ ᠪᠤᠯᠤᠨ ᠰᠦᠯᠵᠢᠶ᠎ᠡ ᠨᠡᠪᠳᠡᠷᠡᠬᠦ ᠠᠴᠠ ᠡᠮᠦᠨ᠎ᠡ ᠶᠤᠰᠤᠳᠠᠢ ᠨᠢᠳᠤ ᠪᠠᠶᠢᠭᠠᠳ ᠰᠤᠬᠤᠷ ᠴᠢᠬᠢ ᠪᠠᠶᠢᠭᠠᠳ ᠲᠦᠯᠡᠢ ᠬᠡᠮᠡᠷ᠂ ᠤᠳᠤ ᠰᠥᠯᠵᠢᠶ᠎ᠠ ᠠᠴᠠ ᠶᠢᠷᠲᠢᠨᠴᠦ ᠶᠢ ᠬᠠᠷᠠᠴᠢᠬᠠᠨ᠎ᠠ᠂ ᠭᠠᠷ ᠤᠳᠠᠰᠤ ᠪᠠᠷ ᠬᠠᠷᠢᠴᠠᠴᠢᠬᠠᠨ᠎ᠠ᠂ ᠨᠡᠶᠢᠭᠡᠮ ᠬᠦᠭᠵᠢᠵᠤ ᠠᠮᠢᠳᠤᠷᠠᠯ ᠡᠶᠢᠮᠤ ᠲᠦᠭᠦᠮ ᠪᠤᠯᠤᠨ᠎ᠠ ᠭᠡᠵᠤ ᠶᠡᠷᠦ ᠪᠤᠳᠤᠵᠥ ᠦᠩᠭᠡᠷᠡᠭᠰᠡᠨ ᠦᠭᠡᠢ︾ ᠭᠡᠵᠤ ᠨᠤᠮᠢᠨᠬᠤᠸᠠᠷ ᠶᠠᠷᠢᠨ᠎ᠠ᠃      ᠤᠬᠠᠭᠠᠯᠢᠭ ᠭᠦᠳᠡᠯᠮᠤᠷᠢᠴᠢ ᠰᠥᠨᠢᠳ ᠮᠠᠯᠴᠢᠤᠠ ᠮᠠᠨᠢ ᠠᠵᠢᠭᠴᠢ ᠰᠡᠷᠭᠡᠭ ᠤᠬᠠᠭᠠᠨ᠂ ᠠᠵᠢᠯᠴᠢ ᠬᠤᠶᠠᠷ ᠭᠠᠷ ᠢᠶᠠᠷ ᠢᠶᠠᠨ ᠤᠳᠤᠭᠢᠴᠢᠯᠠᠭᠰᠠᠠ ᠠᠮᠢᠳᠤᠷᠠᠯ ᠢᠶᠠᠨ ᠴᠤᠭᠴᠠᠯᠠᠠ᠂ ᠲᠡᠮᠡᠴᠢ ᠶᠢᠨ ᠲᠠᠯ᠎ᠠ ᠳᠤ ᠵᠢᠷᠭᠠᠯ ᠤᠨ ᠤᠶᠠᠩᠭ᠎ᠠ ᠴᠠᠯᠭᠢᠯᠠᠭᠤᠯᠵᠥ᠂ ᠭᠦᠷᠭᠦ ᠢᠷᠡᠭᠡᠳᠦᠢ ᠶᠢᠨ ᠰᠠᠶᠢᠡ ᠰᠠᠶᠢᠬᠠᠠ ᠵᠦᠭ ᠭᠦᠰᠡᠯ ᠤᠨ ᠵᠢᠯᠤᠭᠤ ᠰᠤᠩᠭᠠᠠ ᠢᠳᠡᠭᠡᠯ ᠲᠡᠭᠦᠯᠳᠠᠷ ᠤᠷᠤᠭᠰᠢᠯᠠᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号