ᠮᠠᠨ ᠤ ᠠᠶᠢᠮᠠᠭ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠬᠠᠯᠬᠠᠪᠴᠢ ᠶᠢ ᠪᠠᠲᠤ ᠴᠣᠭᠴᠠᠯᠠᠬᠤ ᠪᠤᠯᠤᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/10/14
     ᠣᠶᠢᠷ᠎ᠠ ᠳᠤ᠂ ᠠᠶᠢᠮᠠᠭ ᠤᠨ ᠤᠢ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ᠂ ᠡᠨᠡ ᠵᠢᠯ ᠤᠨ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠪᠣᠯᠣᠨ ᠢᠷᠡᠬᠦ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠭᠦ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃      ᠣᠳᠣᠬᠠᠨ ᠳᠤ᠂ ᠮᠠᠨ ᠤ ᠠᠶᠢᠮᠠᠭ ᠨᠢᠭᠡᠨᠲᠡ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠣᠷᠣᠪᠠ᠃ ᠡᠨᠡ ᠵᠢᠯ ᠤᠨ ᠭᠠᠯ ᠲᠦᠢᠮᠡᠷ ᠢ ᠰᠡᠷᠭᠡᠶᠢᠯᠡᠬᠦ ᠪᠠᠶᠢᠳᠠᠯ ᠬᠦᠨᠳᠦ ᠭᠡᠴᠡᠬᠦᠦ ᠪᠠᠶᠢᠵᠤ᠂ ᠪᠥᠬᠦ ᠠᠶᠢᠮᠠᠭ ᠤᠨ  ᠶᠢᠰᠦᠨ ᠬᠤᠪᠢ ᠠᠴᠠ ᠲᠡᠭᠡᠭᠰᠢᠭᠢ ᠭᠠᠵᠠᠷ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠨᠡᠯᠢᠶᠡᠳ ᠰᠠᠶᠢᠨ ᠪᠠᠶᠢᠵᠤ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠵᠡᠷᠭᠡ ᠭᠠᠵᠠᠷ ᠤᠨ ᠭᠠᠯ ᠤᠨ ᠠᠶᠤᠯ ᠤᠨ ᠲᠠᠰ ᠨᠡᠯᠢᠶᠡᠳ ᠥᠨᠳᠥᠷ ᠪᠠᠶᠢᠨ᠎ᠠ᠃ ᠲᠤᠯᠤᠨ ᠨᠤᠤᠷ ᠰᠢᠶᠠᠨ ᠤ ᠬᠤᠯᠠᠨ ᠰᠢᠷᠭ᠎ᠠ ᠳᠠᠭ᠎ᠠ ᠶᠢᠨ ᠬᠡᠪᠴᠢᠶᠡᠵᠢᠭᠰᠡᠨ ᠤᠢ ᠰᠢᠭᠤᠢ ᠶᠢᠨ ᠲᠠᠯᠠᠪᠠᠢ᠂ ᠪᠣᠭᠳ᠋ᠬᠠᠭᠤᠯᠠ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠵᠡᠷᠭᠡ ᠭᠠᠵᠠᠷ ᠤᠨ ᠰᠢᠲᠠᠮᠠᠬᠠᠢ ᠪᠣᠳᠠᠰ ᠤᠨ ᠳᠠᠭᠠᠭᠠᠴᠠ ᠥᠩᠭᠡᠷᠡᠭᠰᠡᠨ ᠵᠢᠯ ᠤᠨ ᠬᠢ ᠠᠴᠠ ᠨᠡᠮᠡᠭᠳᠡᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠭᠦ ᠳᠠᠷᠤᠯᠲᠠ ᠨᠡᠮᠡᠭᠳᠡᠪᠡ᠃ ᠣᠳᠣᠬᠠᠨ ᠤ ᠭᠠᠯ ᠲᠦᠢᠮᠡᠷ ᠢ ᠰᠡᠷᠭᠡᠶᠢᠯᠡᠬᠦ ᠪᠠᠶᠢᠳᠠᠯ ᠢ ᠪᠦᠲᠦᠮᠵᠢᠲᠡᠶ ᠠᠷᠭᠠᠴᠠᠭᠠᠬᠤ ᠶᠢᠨ ᠲᠤᠰᠠᠳᠠ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠢᠳᠡᠪᠬᠢᠲᠡᠢ ᠥᠷᠨᠢᠭᠦᠯᠵᠦ᠂ ᠲᠣᠭᠲᠠᠭᠠᠯ  ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠦ ᠶᠢ ᠢᠯᠡᠴᠢᠯᠡᠨ ᠮᠡᠳᠡᠭᠦᠯᠭᠦ ᠲᠣᠭᠲᠠᠴᠠ ᠶᠢ ᠨᠠᠶᠢᠳᠠᠪᠤᠷᠢᠵᠢᠭᠤᠯᠬᠤ ᠭᠡᠷᠡᠭᠳᠡᠢ᠃ ᠭᠠᠯ ᠤᠨ ᠠᠶᠤᠯ ᠤᠨ ᠲᠠᠯᠳᠠ ᠭᠡᠮ ᠢ ᠵᠢᠬᠰᠠᠭᠠᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠠᠷᠢᠯᠭ᠎ᠠ ᠪᠠᠷᠢᠬᠤ᠂ ᠦᠢᠯᠡᠳᠪᠦᠷᠢᠯᠡᠵᠦ ᠲᠡᠭᠡᠭᠡᠪᠦᠷᠢᠯᠡᠬᠦ᠂ ᠬᠡᠭᠡᠷ᠎ᠡ ᠭᠠᠳᠠᠨ᠎ᠠ ᠵᠢᠭᠤᠯᠴᠢᠯᠠᠬᠤ ᠵᠡᠷᠭᠡ ᠭᠤᠣᠯᠳᠠᠯᠭ᠎ᠠ ᠲᠠᠢ ᠬᠥᠮᠥᠰ ᠤᠨ ᠭᠠᠯ ᠬᠡᠷᠡᠭᠯᠡᠬᠦ ᠶᠢ ᠬᠠᠮᠢᠶᠠᠷᠤᠨ ᠡᠵᠡᠮᠳᠡᠵᠦ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠦᠨᠡᠨ ᠭᠦ ᠰᠠᠶᠢᠲᠤᠷ ᠠᠳᠬᠤᠵᠤ᠂ ᠭᠠᠯ ᠤᠨ ᠠᠶᠤᠯ ᠡᠭᠦᠰᠭᠦ ᠶᠢ ᠴᠢᠩᠭ᠎ᠠ ᠰᠡᠷᠭᠡᠶᠢᠯᠡᠭᠦ ᠭᠡᠷᠡᠭᠳᠡᠢ᠃ ᠡᠭᠦᠨ ᠤ ᠬᠠᠮᠲᠤ᠂ ᠭᠠᠯ ᠤᠨ ᠠᠶᠤᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ︽ᠭᠠᠯ ᠤᠨ ᠠᠶᠤᠯ ᠡᠭᠦᠰᠪᠡᠯ ᠵᠠᠪᠠᠯ ᠮᠡᠳᠡᠭᠦᠯᠬᠦ︾᠂ ︽ᠮᠡᠳᠡᠬᠦᠯᠪᠡᠯ ᠵᠠᠪᠠᠯ ᠤᠨᠳᠠᠷᠠᠭᠠᠬᠤ︾ ᠪᠠ ︽ᠡᠳᠦᠷ ᠪᠦ᠋ᠷᠢ ᠶᠢᠨ ᠮᠡᠳᠡᠭᠦᠯᠦᠯᠲᠡ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠭᠡᠷᠡᠭᠳᠡᠢ᠃ ᠬᠠᠮᠢᠶ᠎ᠠ ᠪᠦᠬᠦᠢ ᠭᠠᠵᠠᠷ ᠣᠷᠣᠨ ᠨᠤᠭᠤᠳ ᠬᠢᠯᠢ ᠶᠢᠨ ᠭᠠᠯ ᠲᠦᠢᠮᠡᠷ ᠢ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠡᠭᠦᠷᠭᠡ ᠪᠠᠨ ᠰᠠᠶᠢᠳᠤᠷ ᠪᠡᠶᠡᠯᠡᠭᠦᠯᠵᠦ᠂ ᠬᠢᠯᠢ ᠶᠢᠨ ᠭᠠᠳᠠᠨᠠᠬᠢ ᠭᠠᠯ ᠲᠦᠢᠮᠡᠷ ᠢ ᠰᠡᠷᠭᠡᠶᠢᠯᠡᠠ ᠬᠤᠷᠢᠬᠯᠠᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃      ᠢᠷᠡᠬᠦ ᠵᠢᠯ᠂ ᠮᠠᠨ ᠤ ᠠᠶᠢᠮᠠᠭ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠣᠷᠣᠨ ᠪᠦᠰᠡ 12 ᠬᠤᠰᠢᠭᠤ ᠰᠢᠶᠠᠨ ᠬᠤᠲᠠ ︵ᠤᠷᠤᠨ︶ ᠶᠢᠨ 65 ᠰᠤᠮᠤ ︵ᠰᠢᠶᠠᠩ᠂ ᠪᠠᠯᠭᠠᠰᠤ︶ ᠶᠢᠨ 584 ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠳᠤ ᠬᠤᠯᠪᠣᠭᠳᠠᠵᠤ᠂ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ  ᠠᠴᠠ ︽ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ ᠪᠡᠯᠴᠢᠭᠡᠷ ᠰᠡᠷᠭᠦᠭᠡᠭᠦ ᠠᠵᠢᠯ ᠤᠨ ᠬᠡᠷᠡᠭᠵᠢᠭᠦᠯᠬᠦ ᠲᠥᠰᠥᠯ︾  ᠢ ᠤᠷᠢᠳᠴᠢᠯᠠᠨ ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠣᠶ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠠ ᠮᠠᠯᠵᠢᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠴᠠᠬᠳᠠᠨ ᠪᠠᠶᠢᠴᠠᠭᠠᠬᠤ ᠶᠢ ᠴᠢᠩᠭᠠᠳᠬᠠᠨ᠂ ᠪᠥᠬᠦ ᠠᠶᠢᠮᠠᠭ ᠤᠨ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠳᠡᠯ᠎ᠠ ᠮᠠᠯᠵᠢᠬᠤ ᠵᠢᠴᠢ ᠬᠠᠤᠯᠢ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠦᠢᠯᠡ ᠠᠵᠢᠯᠯᠠᠭ᠎ᠠ᠂ ᠨᠤᠲᠤᠭ ᠪᠡᠯᠴᠢᠭᠡᠷ ᠤᠨ ᠠᠮᠢᠳᠤ ᠪᠣᠳᠠᠰ ᠪᠠ ᠪᠠᠶᠢᠭᠠᠯᠢ ᠶᠢᠨ ᠭᠠᠢ ᠭᠠᠮᠰᠢᠭ ᠲᠤ ᠨᠤᠲᠤᠭ ᠪᠡᠯᠴᠢᠭᠡᠷ ᠤᠨ ᠲᠣᠥᠷᠴᠢᠯᠬᠠᠰᠠᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠠ᠃    
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号