ᠦᠭᠡᠷ ᠤᠨ ᠪᠠᠭᠠᠰᠤ ᠪᠠᠷ ᠴᠢᠬᠢᠭ ᠤᠨ ᠤᠯᠠᠭᠠᠨ ᠬᠤᠷᠤᠬᠠᠢ ᠲᠡᠵᠢᠭᠡᠵᠦ ᠤᠷᠭᠠᠨᠢᠭ ᠪᠤᠷᠳᠤᠭᠤᠷ ᠦᠢᠯᠡᠳᠪᠦᠷᠢᠯᠡᠬᠦ ᠲᠦᠷᠦᠯ ᠵᠦᠢᠯ ᠢ ᠮᠠᠨ ᠤ ᠠᠶᠢᠮᠠᠭ ᠲᠤ ᠪᠦᠳᠦᠭᠡᠨ ᠪᠠᠶᠢᠭᠤᠯᠵᠦ ᠡᠬᠢᠯᠡᠪᠡ
ᠨᠡᠶᠢᠲᠡᠯᠡᠭᠰᠡᠨ ᠴᠠᠭ᠄
2024/10/14
     ︽ᠴᠢᠬᠢᠭ ᠤᠨ ᠤᠯᠠᠭᠠᠨ ᠬᠤᠷᠤᠬᠠᠢ ᠡᠬᠢᠯᠡᠵᠤ ᠲᠡᠵᠢᠭᠡᠭᠰᠡᠨ ᠨᠢ ᠵᠦᠪᠬᠡᠨ ᠮᠢᠬᠠᠨ ᠤ ᠦᠬᠡᠷ ᠤᠨ ᠮᠠᠯᠵᠢᠯ ᠤᠨ ᠲᠠᠯᠠᠪᠠᠢ ᠶᠢᠨ ᠦᠬᠡᠷ ᠤᠨ ᠪᠠᠭᠠᠰᠤ ᠶᠢ ᠰᠶᠢᠳᠪᠦᠷᠢᠯᠡᠬᠦ ᠶᠢᠨ ᠲᠦᠯᠦᠭᠡ ᠶᠤᠮ᠂ ᠰᠠᠨᠠᠭᠠᠨ ᠠᠴᠠ ᠭᠠᠳᠠᠭᠤᠷ ᠦᠬᠡᠷ ᠤᠨ ᠪᠠᠭᠠᠰᠤ ᠶᠢ ᠰᠶᠢᠳᠪᠦᠷᠢᠯᠡᠭᠰᠡᠨ ᠮᠦᠷᠳᠡᠭᠡᠨ ᠪᠠᠰᠠ ᠨᠢᠭᠡᠨ ᠠᠮᠢ ᠠᠬᠤᠢ ᠶᠢᠨ ᠴᠢᠨᠡᠭᠡᠯᠢᠭᠵᠢᠯ ᠤᠨ ᠵᠠᠮ ᠢ ᠰᠦᠪᠡᠭᠴᠢᠯᠡᠨ ᠭᠠᠷᠭᠠᠵᠠᠢ︾ ᠭᠡᠵᠤ ᠦᠪᠦᠷ ᠮᠤᠩᠭᠤᠯ ᠤᠨ ᠵᠢᠤᠢ ᡁᠢ ᠶᠤᠸᠠᠨ ᠠᠮᠢᠳᠤ ᠪᠤᠳᠠᠰ ᠤᠨ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠲᠠᠭᠠᠭᠠᠮᠠᠯ  ᠱᠧᠨ ᠳ᠋ᠦ᠋ᠩ ᠹᠠᠩ ᠴᠢᠬᠢᠭ ᠤᠨ ᠤᠯᠠᠭᠠᠨ ᠬᠤᠷᠤᠬᠠᠢ ᠲᠡᠵᠢᠭᠡᠭᠦ  ᠫᠧᠩ ᠤᠨ ᠲᠤᠳᠤᠷ᠎ᠠ ᠪᠠᠨ ᠵᠤᠭᠰᠤᠨ ᠰᠤᠷᠪᠤᠯᠵᠢᠯᠠᠭᠴᠢ ᠳᠤ ᠲᠠᠨᠢᠯᠴᠠᠭᠤᠯᠤᠨ᠎ᠠ᠃      ᠤᠶᠢᠷ᠎ᠠ ᠳᠤ᠂ ᠲᠤᠰ ᠺᠤᠮᠫᠠᠨᠢ ᠶᠢᠨ ᠪᠡᠯᠡ ᠤᠷᠤᠭᠤᠯᠤᠨ ᠪᠦᠳᠦᠭᠡᠨ ᠪᠠᠶᠢᠭᠤᠯᠤᠭᠰᠠᠨ ᠴᠢᠭᠢᠭ ᠤᠨ ᠤᠯᠠᠭᠠᠨ ᠬᠤᠷᠣᠬᠠᠢ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠪᠠ ᠣᠷᠭᠠᠨᠢᠭ ᠬᠠᠶᠠᠭᠳᠠᠮᠠᠯ ᠪᠣᠳᠠᠰ ᠢ ᠰᠶᠢᠳᠪᠦᠷᠢᠯᠡᠬᠦ ᠠᠮᠢ ᠠᠬᠤᠢ ᠶᠢᠨ ᠣᠷᠴᠢᠯ ᠬᠦᠭᠵᠢᠯᠳᠡ ᠶᠢᠨ ᠲᠠᠷᠢᠶᠠᠯᠠᠩ ᠤᠨ ᠲᠥᠷᠥᠯ ᠵᠦᠢᠯ ᠰᠢᠯᠢ ᠶᠢᠨ ᠬᠤᠳᠠ ᠶᠢᠨ ᠮᠤᠳᠤᠨ ᠮᠠᠯᠵᠢᠯ ᠤᠨ ᠲᠠᠯᠠᠪᠠᠢ ᠶᠢᠨ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠬᠦᠯᠬᠦ ᠲᠤᠭᠤᠷᠢᠭ ᠲᠤ ᠡᠬᠢᠯᠡᠨ ᠶᠠᠪᠤᠭᠳᠠᠵᠤ᠂ ᠭᠤᠷᠪᠠᠨ ᠬᠤᠭᠤᠴᠠᠭ᠎ᠠ ᠬᠤᠪᠢᠶᠠᠨ ᠪᠦᠳᠦᠭᠡᠨ ᠪᠠᠶᠢᠭᠤᠯᠵᠤ᠂ ᠠᠮᠢᠳᠤ ᠪᠤᠳᠠᠰ ᠤᠨ ᠤᠷᠭᠠᠨᠢᠭ ᠪᠤᠷᠳᠤᠭᠤᠷ ᠦᠢᠯᠡᠳᠪᠦᠷᠢᠯᠡᠬᠦ ᠲᠠᠰᠤᠭ᠂ ᠴᠢᠭᠢᠭ ᠤᠨ ᠤᠯᠠᠭᠠᠨ ᠬᠤᠷᠤᠬᠠᠢ ᠶᠢᠨ ᠤᠭᠤᠷᠠᠭᠲᠤ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠪᠤᠯᠤᠨ ᠴᠢᠬᠢᠭ ᠤᠨ ᠤᠯᠠᠭᠠᠨ ᠬᠤᠷᠣᠬᠠᠢ ᠶᠢᠨ ᠢᠰᠬᠡᠭᠦᠷ ᠭᠠᠷᠭᠠᠨ ᠠᠪᠬᠤ ᠮᠡᠷᠭᠡᠵᠢᠯ ᠤᠨ ᠲᠤᠷᠰᠢᠯᠲᠠ ᠶᠢᠨ ᠲᠠᠰᠤᠭ ᠵᠡᠷᠬᠡ ᠶᠢ ᠵᠠᠯᠭᠠᠪᠡᠷ ᠪᠦᠳᠦᠭᠡᠨ ᠪᠠᠶᠢᠭᠤᠯᠬᠤ ᠪᠤᠯᠤᠨ᠎ᠠ᠃ ᠲᠦᠷᠦᠯ ᠵᠦᠢᠯ ᠨᠢ ᠴᠢᠬᠢᠭ ᠤᠨ ᠤᠯᠠᠭᠠᠨ ᠬᠤᠷᠤᠬᠠᠢ ᠶᠢ ᠬᠡᠪᠴᠢᠶᠡᠵᠢᠬᠦᠯᠦᠨ ᠲᠡᠵᠢᠬᠡᠬᠦ᠂ ᠴᠢᠬᠢᠭ ᠤᠨ ᠤᠯᠠᠭᠠᠨ ᠬᠤᠷᠤᠬᠠᠢ ᠶᠢᠨ ᠪᠣᠷᠳᠣᠭᠤᠷ ᠣᠪᠣᠭᠠᠯᠠᠬᠤ ᠮᠡᠷᠭᠡᠵᠢᠯ ᠤᠨ ᠲᠤᠭᠤᠷᠢᠨ ᠳᠤ ᠦᠬᠡᠷ ᠤᠨ ᠪᠠᠭᠠᠰᠤ ᠶᠢ ᠡᠬᠢ ᠪᠠᠶᠠᠯᠢᠭᠵᠢᠭᠤᠯᠬᠤ ᠪᠤᠯᠤᠨ ᠬᠤᠤᠷ ᠦᠬᠡᠶᠢᠳᠡᠬᠦᠯᠤᠨ ᠰᠶᠢᠳᠪᠦᠷᠢᠯᠡᠬᠦ ᠠᠰᠠᠭᠤᠳᠠᠯ ᠢ ᠰᠶᠢᠳᠪᠦᠷᠢᠯᠡᠵᠤ᠂ ᠰᠢᠨ᠎ᠡ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠤᠭᠰᠠᠨ ᠪᠠᠶᠢᠨ᠎ᠠ᠃      ᠡᠨᠡ ᠵᠢᠯ ᠤᠨ ᠰᠡᠬᠦᠯᠴᠢ ᠳᠤ᠂ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ 48 ᠰᠠᠭᠤᠷᠢ ᠪᠠᠷᠢᠮᠵᠢᠶᠠᠵᠢᠭᠰᠠᠨ ᠲᠡᠵᠢᠭᠡᠨ ᠦᠷᠡᠵᠢᠬᠦᠯᠬᠦ ᠫᠸᠩ ᠪᠠᠶᠢᠭᠤᠯᠵᠤ᠂ ᠵᠢᠯ ᠪᠦᠷᠢ 1.4 ᠲᠦᠮᠡᠨ ᠲᠤᠨ ᠦᠭᠡᠷ ᠤᠨ ᠪᠠᠭᠠᠰᠤ ᠰᠶᠢᠳᠪᠦᠷᠢᠯᠡᠵᠤ᠂ ᠵᠢᠯ ᠪᠦᠷᠢ 100 ᠲᠤᠨ ᠴᠢᠬᠢᠭ ᠤᠨ ᠤᠯᠠᠭᠠᠨ ᠬᠤᠷᠤᠬᠠᠢ᠂ 2 ᠲᠦᠮᠡᠨ ᠲᠤᠨ ᠤᠷᠭᠠᠨᠢᠭ ᠪᠤᠷᠳᠤᠭᠤᠷ ᠦᠢᠯᠡᠳᠪᠦᠷᠢᠯᠡᠵᠤ᠂ ᠤᠷᠭᠠᠨᠢᠭ ᠪᠤᠷᠳᠤᠭᠤᠷ ᠤᠨ ᠪᠤᠷᠤᠯᠠᠭᠤᠯᠭ᠎ᠠ ᠶᠢᠨ ᠤᠷᠤᠯᠭ᠎ᠠ ᠨᠢ 1550 ᠲᠦᠮᠡᠨ ᠲᠦᠭᠦᠷᠢᠭ ᠲᠤ ᠬᠦᠷᠬᠦ ᠪᠤᠯᠤᠨ᠎ᠠ᠃      ᠲᠤᠰ ᠲᠦᠷᠦᠯ ᠵᠦᠢᠯ ᠤᠨ ᠬᠡᠷᠡᠭᠵᠢᠬᠦᠯᠦᠭᠳᠡᠭᠰᠡᠨ ᠨᠢ ᠰᠢᠯᠢ ᠶᠢᠨ ᠭᠤᠤᠯ ᠠᠶᠢᠮᠠᠭ ᠤᠨ ᠰᠢᠨᠵᠢᠯᠡᠭᠦ ᠤᠬᠠᠭᠠᠨ  ᠲᠧᠭᠨᠢᠭ ᠮᠡᠷᠭᠡᠵᠢᠯ ᠤᠨ ᠦᠷ᠎ᠡ ᠪᠦᠳᠦᠭᠡᠯ ᠢ ᠤᠯᠠᠷᠢᠭᠤᠯᠵᠤ᠂ ᠡᠯ᠎ᠡ ᠲᠠᠯ᠎ᠠ ᠶᠢᠨ ᠬᠠᠮᠵᠢᠯᠴᠠᠭᠠᠨ ᠳᠤ ᠲᠠᠪᠴᠠᠩ ᠬᠠᠩᠭᠠᠵᠤ᠂ ᠶᠡᠭᠡ ᠲᠡᠭᠡᠳᠤ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠪᠤᠯᠤᠨ ᠠᠵᠤ ᠠᠬᠤᠶᠢᠯᠠᠯ ᠤᠨ ᠬᠠᠮᠵᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢ ᠦᠨᠡᠨ ᠪᠤᠳᠠᠳᠠᠢ ᠠᠵᠤ ᠦᠢᠯᠡᠰ ᠤᠨ ᠬᠦᠭᠵᠢᠯᠳᠡ ᠪᠤᠯᠭᠠᠨ ᠬᠤᠪᠢᠷᠠᠭᠤᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠰᠢᠨ᠎ᠡ ᠬᠦᠳᠡᠯᠬᠡᠭᠴᠢ ᠬᠦᠴᠦᠨ ᠤᠯᠭᠤᠭᠰᠠᠨ ᠪᠠᠶᠢᠨ᠎ᠠ᠃      ᠴᠢᠭᠢᠭ ᠤᠨ ᠤᠯᠠᠭᠠᠨ ᠬᠤᠷᠣᠬᠠᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠰᠤᠷᠪᠤᠯᠵᠢᠯᠠᠭᠴᠢ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠵᠤ ᠪᠠᠶᠢᠭᠰᠠᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠲᠠᠷᠢᠶᠠᠯᠠᠩ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ᠂ ᠴᠢᠭᠢᠭ ᠤᠨ ᠤᠯᠠᠭᠠᠨ ᠬᠤᠷᠣᠬᠠᠢ ᠶᠢᠨ ᠠᠮᠢᠳᠤ ᠪᠣᠳᠠᠰ ᠤᠨ ᠮᠡᠷᠭᠡᠵᠢᠯ ᠪᠠ ᠬᠥᠷᠥᠰᠥ ᠰᠢᠷᠣᠢ ᠶᠢᠨ ᠠᠮᠢ ᠠᠬᠤᠢ ᠶᠢᠨ ᠰᠤᠳᠤᠯᠭᠠᠨ ᠤ ᠪᠦᠯᠬᠦᠮ ᠤᠨ ᠬᠠᠷᠢᠭᠤᠴᠠᠯᠭᠠᠲᠠᠨ ᠯᠢ ᠶᠢᠨ ᠱᠧᠩ ᠨᠠᠷ ᠲᠠᠢ ᠠᠭᠤᠯᠵᠠᠪᠠ᠃ ︽ᠦᠬᠡᠷ ᠤᠨ ᠪᠠᠭᠠᠰᠤᠨ ᠳᠤ ᠲᠡᠵᠢᠭᠡᠵᠤ ᠦᠷᠡᠵᠢᠬᠦᠯᠦᠭᠰᠡᠨ ᠴᠢᠬᠢᠭ ᠤᠨ ᠤᠯᠠᠭᠠᠨ ᠬᠤᠷᠤᠬᠠᠢ ᠨᠢ ᠠᠮᠢᠳᠠᠨ ᠳᠤ ᠮᠠᠰᠢ ᠰᠠᠶᠢᠨ ᠪᠤᠷᠳᠤᠭ᠎ᠠ ᠪᠤᠯᠬᠤ ᠪᠦᠭᠡᠳ ᠴᠢᠬᠢᠭ ᠤᠨ ᠤᠯᠠᠭᠠᠨ ᠬᠤᠷᠤᠬᠠᠢ ᠶᠢᠨ ᠢᠰᠬᠡᠬᠦᠷ ᠭᠠᠷᠭᠠᠨ ᠠᠪᠴᠤ᠂ ᠡᠮ ᠡᠮᠨᠡᠯᠬᠡ ᠶᠢᠨ ᠬᠦᠷᠢᠶ᠎ᠡ ᠬᠡᠪᠴᠢᠶᠡᠨ ᠳᠤ ᠴᠤ ᠬᠡᠷᠡᠭᠯᠡᠵᠤ ᠪᠤᠯᠤᠨ᠎ᠠ᠃ ᠴᠢᠬᠢᠭ ᠤᠨ ᠤᠯᠠᠭᠠᠨ ᠬᠤᠷᠤᠬᠠᠢ ᠶᠢᠨ ᠰᠶᠢᠳᠪᠦᠷᠢᠯᠡᠭᠰᠡᠨ ᠦᠭᠡᠷ ᠤᠨ ᠪᠠᠭᠠᠰᠤ ᠨᠢ ᠬᠠᠮᠤᠭ ᠤᠨ ᠰᠠᠶᠢᠨ ᠤᠷᠭᠠᠨᠢᠭ ᠪᠤᠷᠳᠤᠭᠤᠷ ᠪᠠᠶᠢᠵᠤ᠂ ᠡᠩ ᠤᠨ ᠤᠷᠭᠠᠨᠢᠭ ᠪᠤᠷᠳᠤᠭᠤᠷ ᠠᠴᠠ ᠦᠢᠯᠡᠳᠦᠯ ᠨᠢ ᠦᠨᠳᠦᠷ᠂ ᠠᠮᠢ ᠠᠬᠤᠢ ᠶᠢᠨ ᠰᠡᠷᠭᠦᠭᠡᠯᠲᠡ ᠪᠣᠯᠤᠨ ᠡᠮ ᠳᠤ ᠤᠷᠤᠬᠤ ᠮᠠᠲ᠋ᠧᠷᠢᠶᠠᠯ ᠵᠡᠷᠭᠡ ᠥᠨᠳᠥᠷ ᠥᠷᠲᠡᠭ ᠲᠠᠢ ᠠᠵᠤ ᠠᠬᠤᠢ ᠶᠢᠨ ᠲᠠᠷᠢᠮᠠᠯ ᠢ ᠳᠠᠷᠢᠬᠤ ᠳᠤ ᠬᠡᠷᠡᠭᠯᠡᠵᠤ᠂ ᠬᠦᠷᠦᠰᠤ ᠰᠢᠷᠤᠢ ᠶᠢ ᠰᠠᠶᠢᠵᠢᠷᠠᠭᠤᠯᠬᠤ᠂ ᠠᠮᠢᠳᠤ ᠪᠤᠳᠠᠰ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠦᠢᠯᠡᠳᠦᠯ ᠲᠠᠢ᠃ ᠴᠢᠬᠢᠭ ᠤᠨ ᠤᠯᠠᠭᠠᠨ ᠬᠤᠷᠤᠬᠠᠢ ᠶᠢᠨ ᠤᠯᠠᠷᠢᠭᠤᠯᠬᠤ ᠠᠰᠢᠭᠯᠠᠮᠵᠢ ᠥᠨᠳᠥᠷ᠂ ᠡᠳᠦᠷ ᠪᠤᠯᠭᠠᠨ ᠦᠪᠡᠷ ᠤᠨ ᠪᠡᠶ᠎ᠡ ᠶᠢᠨ ᠬᠦᠨᠳᠤ ᠶᠢᠨ ᠢᠶᠠᠨ 1 — 1.7 ᠲᠠᠬᠢᠨ ᠤᠷᠭᠠᠨᠢᠭ ᠬᠠᠶᠠᠭᠳᠠᠮᠠᠯ ᠪᠤᠳᠠᠰ ᠢ ᠵᠠᠷᠤᠴᠠᠭᠤᠯᠵᠤ᠂ ᠨᠢᠭᠡ ᠮᠦ ᠭᠠᠵᠠᠷ ᠤᠨ ᠴᠢᠬᠢᠭ ᠤᠨ ᠤᠯᠠᠭᠠᠨ ᠬᠤᠷᠤᠬᠠᠢ ᠵᠢᠯ ᠳᠤ 300 ᠲᠤᠨ ᠦᠬᠡᠷ ᠤᠨ ᠪᠠᠭᠠᠰᠤ ᠶᠢ ᠵᠠᠷᠤᠴᠠᠭᠤᠯᠵᠤ᠂ ᠨᠢᠭᠡ ᠲᠤᠨ ᠦᠬᠡᠷ ᠤᠨ ᠪᠠᠭᠠᠰᠤ ᠠᠴᠠ 60 — 70 ᠺᠢᠯᠦᠭᠷᠠᠮ ᠴᠢᠬᠢᠭ ᠤᠨ ᠤᠯᠠᠭᠠᠨ ᠬᠤᠷᠤᠬᠠᠢ᠂ 300 — 500 ᠺᠢᠯᠦᠭᠷᠠᠮ ᠴᠢᠬᠢᠭ ᠤᠨ ᠤᠯᠠᠭᠠᠨ ᠬᠤᠷᠤᠬᠠᠢ ᠶᠢᠨ ᠢᠯᠭᠠᠳᠠᠰᠤ ᠭᠠᠷᠳᠠᠭ︾ ᠭᠡᠵᠤ ᠯᠢ ᠶᠢᠨ ᠱᠤᠩ ᠲᠠᠶᠢᠯᠪᠤᠷᠢᠯᠠᠨ ᠶᠠᠷᠢᠨ᠎ᠠ᠃      2024 ᠤᠨ ᠤ ᠲᠦᠪ ᠤᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠳᠤ ︽ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠥᠳᠡᠭᠡ ᠲᠣᠰᠬᠤᠨ ᠤ ᠮᠠᠯ ᠳᠡᠵᠢᠭᠡᠪᠦᠷᠢ ᠶᠢᠨ ᠪᠠᠭᠠᠰᠤ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠶᠢᠳᠪᠦᠷᠢᠯᠡᠵᠦ ᠠᠰᠢᠭᠯᠠᠬᠤ ᠶᠢ ᠬᠠᠮᠵᠢᠯᠴᠠᠨ ᠠᠬᠢᠭᠤᠯᠵᠤ᠂ ᠲᠠᠷᠢᠵᠤ ᠲᠡᠵᠢᠭᠡᠬᠦ ᠤᠷᠴᠢᠯ ᠵᠠᠭᠪᠤᠷ ᠢ ᠳᠡᠯᠭᠡᠷᠡᠭᠦᠯᠬᠦ ᠬᠡᠷᠡᠭᠲᠡᠢ︾ ᠭᠡᠵᠤ ᠲᠤᠷᠠᠳᠤᠨ ᠭᠠᠷᠭᠠᠭᠰᠠᠨ ᠪᠠᠶᠢᠨ᠎ᠠ᠃ ︽ᠮᠠᠨ ᠤ ᠺᠤᠮᠫᠠᠨᠢ ᠨᠢ ᠴᠢᠭᠢᠭ ᠤᠨ ᠤᠯᠠᠭᠠᠨ ᠬᠤᠷᠤᠬᠠᠢ ᠲᠡᠵᠢᠭᠡᠭᠡᠳ ᠬᠡᠳᠦᠨ ᠵᠢᠯ ᠪᠤᠯᠵᠤ᠂ ᠨᠡᠯᠢᠶᠡᠳ ᠰᠠᠶᠢᠨ ᠠᠷᠠᠴᠢᠯᠠᠨ ᠲᠡᠵᠢᠬᠡᠬᠦ ᠲᠤᠷᠰᠢᠯᠭ᠎ᠠ ᠶᠢ ᠬᠤᠷᠠᠮᠳᠤᠭᠤᠯᠪᠠ᠃ ᠤᠳᠤ ᠲᠦᠷᠦ ᠶᠢᠨ ᠪᠤᠳᠤᠯᠭ᠎ᠠ ᠪᠠᠰᠠ ᠲᠡᠵᠢᠭᠡᠨ ᠠᠷᠠᠴᠢᠯᠠᠬᠤ ᠤᠷᠴᠢᠯ ᠠᠵᠤ ᠦᠢᠯᠡᠰ ᠤᠨ ᠵᠠᠭᠪᠤᠷ ᠢ ᠤᠷᠢᠶᠠᠯᠠᠵᠤ ᠪᠠᠶᠢᠬᠤ ᠪᠤᠯᠬᠤᠷ᠂ ᠪᠢᠳᠡ ᠪᠠᠰᠠ ᠯᠢ ᠶᠢᠨ ᠱᠸᠡᠭ  ᠫᠷᠤᠹᠰᠰᠤᠷ ᠤᠨ ᠲᠤᠭᠤᠶᠢᠯᠠᠩ ᠤᠨ ᠰᠢᠨᠵᠢᠯᠡᠭᠦ ᠤᠬᠠᠭᠠᠨ  ᠲᠧᠭᠨᠢᠭ ᠮᠡᠷᠭᠡᠵᠢᠯ ᠤᠨ ᠴᠢᠳᠠᠪᠤᠷᠢ ᠳᠤ ᠲᠦᠰᠢᠭᠯᠡᠨ᠂ ᠴᠢᠬᠢᠭ ᠤᠨ ᠤᠯᠠᠭᠠᠨ ᠬᠤᠷᠤᠬᠠᠢ ᠶᠢᠨ ᠪᠤᠷᠳᠤᠭᠤᠷ ᠦᠢᠯᠡᠳᠪᠦᠷᠢᠯᠡᠭᠰᠡᠨ ᠰᠠᠭᠤᠷᠢᠨ ᠲᠡᠭᠡᠷ᠎ᠡ ᠴᠢᠬᠢᠭ ᠤᠨ ᠤᠯᠠᠭᠠᠨ ᠬᠤᠷᠤᠬᠠᠢ ᠶᠢᠨ ᠰᠢᠷᠢᠰ ᠪᠦᠳᠦᠭᠡᠭᠳᠡᠭᠦᠨ ᠤ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠵᠤ᠂ ᠬᠦᠳᠡᠭᠡ ᠲᠤᠰᠬᠤᠨ ᠤ ᠬᠠᠶᠠᠭᠳᠠᠮᠠᠯ ᠪᠤᠳᠠᠰ ᠢ ᠡᠷᠳᠡᠨᠢ ᠪᠤᠯᠭᠠᠵᠤ᠂ ᠴᠢᠬᠢᠭ ᠤᠨ ᠤᠯᠠᠭᠠᠨ ᠬᠤᠷᠤᠬᠠᠢ ᠪᠠᠷ ᠲᠠᠮᠵᠢᠨ ᠬᠠᠶᠠᠭᠳᠠᠮᠠᠯ ᠪᠣᠳᠠᠰ ᠢ ᠤᠷᠴᠢᠯᠳᠤᠭᠤᠯᠤᠨ ᠠᠰᠢᠭᠯᠠᠬᠤ ᠰᠢᠰᠲ᠋ᠤᠮ ᠢ ᠲᠡᠭᠦᠯᠳᠡᠷᠵᠢᠬᠦᠯᠵᠤ᠂ ᠴᠢᠨᠡᠭᠡᠯᠢᠭᠵᠢᠯ ᠤᠨ ᠵᠠᠮ ᠢ ᠨᠡᠬᠡᠭᠡᠭᠰᠡᠨ ᠪᠠᠶᠢᠨ᠎ᠠ︾ ᠭᠡᠵᠤ  ᠱᠸᠨ ᠳ᠋ᠦ᠋ᠩ ᠹᠠᠩ ᠰᠤᠷᠪᠤᠯᠵᠢᠯᠠᠭᠴᠢ ᠳᠤ ᠶᠠᠷᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号