ᠵᠠᠩ ᠪᠠᠢ ᠴᠧᠩ ᠲᠤᠯᠤᠨ ᠨᠤᠤᠷ ᠰᠢᠶᠠᠨ᠂ ᠰᠢᠯᠤᠭᠤᠨ ᠬᠥᠬᠡ ᠬᠤᠰᠢᠭᠤ᠂ ᠰᠢᠯᠢ ᠶᠢᠨ ᠬᠤᠲᠠ ᠳᠤ ᠪᠠᠶᠢᠴᠠᠭᠠᠨ ᠰᠤᠳᠤᠯᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/10/15
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠲᠤᠯᠤᠨ ᠨᠤᠤᠷ ᠰᠢᠶᠠᠨ᠂ ᠰᠢᠯᠤᠭᠤᠨ ᠬᠥᠬᠡ ᠬᠤᠰᠢᠭᠤ᠂ ᠰᠢᠯᠢ ᠶᠢᠨ ᠬᠤᠲᠠ ᠳᠤ  ᠰᠣᠶᠣᠯ  ᠵᠢᠭᠤᠯᠴᠢᠯᠠᠯ  ᠤᠨ  ᠠᠵᠤ  ᠦᠢᠯᠡᠰ ᠤᠨ ᠬᠥᠭᠵᠢᠯᠲᠡ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠵᠠᠩ ᠪᠠᠢ ᠴᠧᠩ ᠤᠷᠢᠳ ᠬᠤᠵᠢᠳ ᠲᠤᠯᠤᠨ ᠨᠤᠤᠷ ᠰᠢᠶᠠᠨ ᠤ ᠯᠠᠩ ᠵᠶᠢ ᠮᠠᠯᠵᠢᠯ ᠤᠨ ᠲᠠᠯᠠᠪᠠᠢ᠂ ᠰᠢᠯᠤᠭᠤᠨ ᠬᠥᠬᠡ ᠬᠤᠰᠢᠭᠤᠨ ᠤ ᠳᠡᠭᠡᠲᠦ ᠨᠡᠶᠢᠰᠯᠡᠯ ᠺᠢᠨᠣ᠋ ᠲᠧᠯᠸᠢᠰ ᠤᠨ ᠬᠤᠳᠠ ᠶᠢᠨ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠪᠣᠯᠣᠨ ᠰᠢᠯᠢ ᠶᠢᠨ ᠬᠤᠲᠠ ᠶᠢᠨ ᠪᠠᠶᠠᠠᠬᠦ᠋ᠷᠢᠶ᠎ᠠ ᠶᠢᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠠᠮᠠᠷᠠᠯᠲᠠ ᠶᠢᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠪᠣᠯᠣᠨ ᠠᠳᠤᠭᠤᠨ ᠤ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠭᠦᠨᠵᠡᠭᠡᠢ ᠠᠭᠤᠳᠠᠯᠤᠨ ᠥᠷᠭᠡᠳᠬᠡᠵᠦ᠂ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠢᠭᠤᠯᠴᠢᠯᠠᠯ᠂ ᠲᠠᠯ᠎ᠠ ᠨᠤᠲᠤᠭ ᠤᠨ ᠰᠣᠶᠣᠯ ᠤᠨ ᠵᠢᠭᠤᠯᠴᠢᠯᠠᠯ ᠵᠡᠷᠭᠡ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ ᠶᠡᠬᠡᠪᠡᠷ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠰᠣᠳᠣᠨ ᠵᠠᠮ ᠱᠤᠭᠤᠮ ᠤᠨ ᠵᠢᠷᠤᠭ ᠲᠥᠯᠥᠪᠯᠡᠭᠡ᠂ ᠰᠣᠶᠣᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ  ᠠᠬᠢᠭᠤᠯᠬᠤ ᠬᠡᠷᠡᠭᠲᠡᠢ ᠭᠡᠵᠠᠢ᠃      ᠵᠠᠩ ᠪᠠᠢ ᠴᠧᠩ᠂ ᠲᠤᠯᠤᠨ ᠨᠤᠤᠷ ᠰᠢᠶᠠᠨ ᠤ ᠯᠢᠶᠣᠤ ᠤᠯᠤᠰ ᠤᠨ ᠦᠶ᠎ᠡ ᠶᠢᠨ ᠡᠷᠬᠢᠮ ᠬᠠᠲᠤᠨ ᠤ ᠣᠩᠭᠤᠨ ᠤ ᠪᠠᠭᠤᠷᠢ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠠ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠢᠳᠡᠪᠬᠢᠲᠡᠢ ᠠᠬᠢᠭᠤᠯᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠤᠯᠠᠮᠵᠢᠯᠠᠬᠤ ᠶᠢ ᠤᠷᠢᠳ ᠢᠶᠠᠷ ᠪᠤᠳᠤᠯᠬᠢᠯᠠᠬᠤ ᠣᠶᠢᠯᠠᠭᠠᠭᠳᠠᠬᠤᠨ ᠶᠣᠰᠣᠭᠠᠷ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠰᠠᠨ ᠤᠷᠢᠲᠠᠯ ᠳᠣᠣᠷ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠤᠨ ᠤᠯᠠᠨ ᠵᠦᠢᠯ ᠤᠨ ᠦᠷᠳᠡᠭ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠵᠣᠬᠢᠰᠲᠠᠢ ᠠᠰᠢᠭᠯᠠᠠ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠠᠮᠢᠳᠤᠷᠠᠯ ᠳᠤ ᠨᠡᠩ ᠰᠠᠶᠢᠲᠤᠷ ᠠᠭᠤᠰᠤᠯᠴᠠᠭᠤᠯᠵᠤ᠂ ᠠᠷᠠᠳ ᠲᠦᠮᠡᠨ ᠳᠤ ᠨᠡᠩ ᠰᠠᠶᠢᠲᠤᠷ ᠦᠢᠯᠡᠴᠢᠯᠡᠭᠦᠯᠬᠦ ᠬᠡᠷᠡᠭᠲᠡᠢ᠃ ᠰᠣᠶᠣᠯ ᠤᠨ ᠥᠪ ᠤᠨ ᠬᠠᠮᠠᠭᠠᠯᠠᠯᠲᠠ ᠶᠢ ᠰᠣᠶᠣᠯ ᠵᠢᠭᠤᠯᠴᠢᠯᠠᠯ ᠲᠠᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠣᠶᠣᠯ ᠤᠨ ᠥᠪ ᠤᠨ ᠵᠢᠭᠤᠯᠴᠢᠯᠠᠯ ᠤᠨ ᠳᠠᠯᠳᠠ ᠬᠦᠴᠦᠨ ᠢ ᠨᠡᠩ ᠰᠠᠶᠢᠲᠤᠷ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠵᠠᠢ᠃      ᠵᠠᠩ ᠪᠠᠢ ᠴᠧᠩ ᠪᠠᠰᠠ ᠲᠤᠯᠤᠨ ᠨᠤᠤᠷ ᠰᠢᠶᠠᠨ ᠤ ᠼᠠᠢ ᠮᠦ ᠱᠠᠨ ᠰᠢᠶᠠᠩ ᠳᠤ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠳᠡᠮᠡᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠠ᠂ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠣᠨ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ  ᠪᠠᠲᠤᠯᠠᠬᠤ  ᠬᠡᠷᠡᠭᠲᠡᠢ  ᠭᠡᠵᠦ  ᠴᠢᠬᠤᠯᠠᠴᠢᠯᠠᠪᠠ᠃                                            
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号