ᠲᠠᠮᠢᠷ ᠤᠨ ᠤᠷᠤᠯᠳᠤᠭᠠᠨ ᠢᠶᠠᠷ ᠣᠷᠣᠨ ᠨᠤᠲᠤᠭ ᠤᠨ ᠬᠡᠷᠡᠭᠯᠡᠭᠡ ᠶᠢ 345.07 ᠳ᠋ᠦᠩᠰᠢᠭᠤᠷ ᠲᠥᠭᠦᠷᠢᠭ ᠳᠠᠶᠢᠴᠢᠯᠠᠵᠠᠢ
ᠨᠡᠶᠢᠲᠡᠯᠡᠭᠰᠡᠨ ᠴᠠᠭ᠄
2024/10/15
     ᠮᠠᠨ ᠤ ᠣᠷᠣᠨ ᠡᠨᠡ ᠵᠢᠯ ᠤᠨ ᠲᠦᠷᠦᠭᠦᠸ ᠭᠤᠷᠪᠠᠨ ᠤᠯᠠᠷᠢᠯ ᠳᠤ ᠨᠡᠶᠢᠲᠡ 415 ᠤᠳᠠᠭᠠᠨ ᠤ ᠰᠣᠳᠣᠨ ᠲᠠᠮᠢᠷ ᠤᠨ ᠤᠷᠤᠯᠳᠤᠭᠠᠨ ᠥᠷᠨᠢᠭᠦᠯᠵᠦ᠂ ᠰᠢᠭᠤᠳ ᠣᠷᠣᠯᠴᠠᠬᠰᠠᠨ ᠬᠥᠮᠥᠨ ᠤ ᠲᠤᠭ᠎ᠠ 233.22 ᠲᠦᠮᠡᠨ ᠬᠥᠮᠥᠨ ᠤᠳᠠᠭ᠎ᠠ ᠳᠤ ᠬᠦᠷᠴᠦ᠂ ᠡᠭᠦᠨ ᠳᠤ ᠣᠷᠣᠨ ᠤ ᠳᠣᠲᠣᠷ᠎ᠠ ᠰᠢᠭᠤᠳ ᠣᠷᠣᠯᠴᠠᠬᠰᠠᠨ ᠬᠥᠮᠥᠨ ᠤ ᠲᠤᠭ᠎ᠠ 95.28 ᠲᠦᠮᠡᠨ ᠬᠥᠮᠥᠨ ᠤᠳᠠᠭ᠎ᠠ ᠳᠤ ᠬᠦᠷᠴᠦ᠂ ᠭᠠᠳᠠᠷ ᠣᠷᠣᠨ ᠤ ᠬᠥᠮᠥᠰ ᠢ 137.94 ᠲᠦᠮᠡᠨ ᠬᠥᠮᠥᠨ ᠤᠳᠠᠭ᠎ᠠ ᠳᠠᠶᠢᠴᠢᠯᠠᠨ ᠣᠷᠣᠯᠴᠠᠭᠤᠯᠵᠤ᠂ ᠨᠡᠶᠢᠭᠡᠮ ᠤᠨ ᠠᠩᠬᠠᠷᠤᠯ ᠢ 9929.34 ᠲᠦᠮᠡᠨ ᠬᠥᠮᠥᠨ ᠤᠳᠠᠭ᠎ᠠ ᠲᠠᠲᠠᠵᠤ᠂ ᠣᠷᠣᠨ ᠨᠤᠲᠤᠭ ᠤᠨ ᠬᠡᠷᠡᠭᠯᠡᠭᠡ ᠶᠢ 345.07 ᠳ᠋ᠦᠩᠰᠢᠭᠤᠷ ᠲᠥᠭᠦᠷᠢᠭ ᠳᠠᠶᠢᠴᠢᠯᠠᠪᠠ᠃      ᠣᠶᠢᠯᠠᠭᠠᠭᠰᠠᠨ ᠢᠶᠠᠷ᠂ 2024 ᠣᠨ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠪᠦᠭᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠂ ᠮᠠᠨ ᠤ ᠣᠷᠣᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠡᠷᠡᠭᠯᠡᠭᠡᠨ ᠤ ᠠᠵᠢᠯᠯᠠᠭ᠎ᠠ ᠶᠢᠨ ᠰᠢᠨ᠎ᠡ ᠶᠢ ᠴᠢᠷᠮᠠᠶᠢᠨ ᠡᠭᠦᠳᠴᠦ᠂ ᠵᠢᠱᠢᠶ᠎ᠡ ᠦᠵᠡᠭᠦᠯᠭᠦ ᠲᠠᠪᠴᠠᠩ ᠢ ᠢᠳᠡᠪᠬᠢᠲᠡᠢ ᠪᠠᠶᠢᠭᠤᠯᠤᠨ᠂ ᠦᠢᠯᠡᠳᠬᠦᠨ ᠤ ᠬᠠᠩᠭᠠᠯᠭ᠎ᠠ ᠶᠢ ᠣᠨᠣᠴᠠᠲᠠᠢ ᠪᠠᠶᠠᠯᠢᠭᠵᠢᠭᠤᠯᠵᠤ᠂ ᠤᠷᠢᠳ ᠬᠤᠵᠢᠳ︽ᠪᠡᠶ᠎ᠡ ᠶᠢᠨ ᠲᠠᠮᠢᠷ ᠤᠨ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠲᠤᠬᠠᠢ ᠠᠷᠭ᠎ᠠ ᠬᠡᠮᠵᠢᠶ᠎ᠡ ᠨᠦᠭᠦᠳ︾᠂ ︽︿ᠪᠡᠶ᠎ᠡ ᠶᠢᠨ ᠲᠠᠮᠢᠷ ᠤᠨ ᠬᠡᠷᠡᠭᠯᠡᠭᠡᠨ ᠤ ᠤᠯᠠᠷᠢᠯ﹀ᠵᠢᠴᠢ ᠤᠷᠤᠯᠳᠤᠭᠠᠨ ᠤ ᠠᠵᠢᠯᠯᠠᠭ᠎ᠠ ᠶᠢ︿ᠵᠡᠭᠡᠯᠢ ᠲᠣᠭᠤᠷᠢᠭ᠂ ᠦᠵᠡᠮᠵᠢ ᠶᠢᠨ ᠣᠷᠣᠨ᠂ ᠬᠤᠳᠠᠯᠳᠤᠭᠠᠨ ᠤ ᠲᠣᠭᠤᠷᠢᠭ ᠲᠤ ᠣᠷᠣᠭᠤᠯᠵᠤ﹀ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠡᠷᠡᠭᠯᠡᠭᠡᠨ ᠤ ᠬᠠᠯᠠᠮᠰᠢᠯ ᠢ ᠪᠤᠶ ᠪᠣᠯᠭᠠᠵᠠᠢ᠃ ᠪᠦᠭᠦ ᠣᠷᠣᠨ ᠤ ᠡᠯ᠎ᠡ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠮᠠᠰᠢᠨ ᠲᠡᠷᠭᠡ ᠵᠢᠯᠤᠭᠤᠳᠬᠤ᠂ ᠮᠣᠲ᠋ᠣᠷ ᠳᠤᠭᠤᠢ ᠤᠨᠤᠬᠤ᠂ ᠠᠭᠤᠯᠠ ᠠᠪᠠᠷᠢᠬᠤ ᠵᠡᠷᠭᠡ ᠤᠷᠤᠯᠳᠤᠭᠠᠨ ᠢ ᠢᠳᠡᠪᠬᠢᠲᠡᠢ ᠡᠷᠭᠢᠯᠡᠵᠦ᠂ ᠬᠤᠳᠠᠯᠳᠤᠭᠠᠨ ᠤ ᠲᠣᠭᠤᠷᠢᠭ᠂ ᠬᠤᠳᠠᠯᠳᠤᠭᠠᠨ ᠤ ᠲᠠᠯᠠᠪᠤᠷ ᠲᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠤᠨ ᠦᠵᠡᠭᠦᠯᠭᠡ ᠶᠢᠨ ᠲᠣᠬᠯᠠᠯᠲᠠ ᠭᠠᠷᠭᠠᠬᠤ᠂ ᠪᠡᠶᠡᠴᠢᠯᠡᠨ ᠣᠶᠢᠯᠠᠭᠠᠬᠤ ᠵᠡᠷᠭᠡ ᠠᠵᠢᠯᠯᠠᠭ᠎ᠠ ᠶᠢ ᠡᠷᠭᠢᠯᠡᠪᠠ᠃ ᠡᠭᠦᠨ ᠤ ᠬᠠᠮᠲᠤ᠂ ᠮᠠᠨ ᠤ ᠣᠷᠣᠨ ᠤᠷᠤᠯᠳᠤᠭᠠᠨ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠥᠪᠥᠷ ᠮᠣᠩᠭᠤᠯ BA᠂ ᠲᠠᠯ᠎ᠠ ᠨᠤᠲᠤᠭ ᠤᠨ ᠤᠨᠴᠠᠭᠠᠢ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠵᠡᠷᠭᠡ ᠬᠠᠯᠠᠮᠰᠢᠯ ᠲᠠᠢ ᠨᠠᠷᠠᠲᠤ ᠲᠡᠮᠳᠡᠭᠲᠦ ᠤᠷᠤᠯᠳᠤᠭᠠᠨ ᠢ ᠡᠷᠭᠢᠯᠡᠪᠡ᠂ ᠡᠭᠦᠨ ᠳᠤ ᠵᠥᠪᠭᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠡᠶᠡᠯᠰᠡᠭ ᠰᠠᠶᠢᠬᠠᠨ ᠬᠥᠳᠡᠭᠡ ᠲᠣᠰᠬᠤᠨ ᠤ ᠮᠠᠯᠴᠢᠨ ᠲᠠᠷᠢᠶᠠᠴᠢᠨ ᠤ ᠡᠷᠡᠭᠲᠡᠢ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠤ ᠸᠢᠳᠢᠤ᠋ ᠶᠢ ᠰᠣᠨᠢᠷᠬᠠᠭᠰᠠᠨ ᠬᠡᠮᠵᠢᠶ᠎ᠡ 200 ᠲᠦᠮᠡᠨ ᠤᠳᠠᠭ᠎ᠠ ᠶᠢ ᠳᠠᠪᠠᠵᠠᠢ᠃ ᠵᠠᠭᠤ ᠭᠠᠷᠤᠢ ᠲᠠᠯᠠᠪᠤᠷ ᠤᠷᠤᠯᠳᠤᠭᠠᠨ ᠢ ᠳᠠᠷᠠᠭᠠᠯᠠᠨ ᠥᠷᠨᠢᠭᠦᠯᠵᠦ᠂ ᠬᠡᠳᠦᠨ ᠳ᠋ᠦᠩᠰᠢᠭᠤᠷ ᠲᠥᠭᠦᠷᠢᠭ ᠤᠨ ᠶᠡᠷᠦᠩᠬᠡᠶᠢᠯᠡᠭᠰᠡᠨ ᠬᠡᠷᠡᠭᠯᠡᠭᠡ ᠶᠢ ᠲᠠᠶᠢᠴᠢᠯᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号