ᠤᠶᠢᠷ᠎ᠠ ᠳᠤ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠠᠯᠳᠤᠭᠤᠯᠤᠭᠰᠠᠨ | ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠮᠠᠨ ᠤ ᠠᠶᠢᠮᠠᠭ ᠠᠮᠢ ᠠᠬᠤᠢ | ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ | ᠬᠠᠩᠭᠠᠪᠡ᠃ | ᠮᠠᠨ ᠤ ᠠᠶᠢᠮᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠭᠦᠴᠦᠨ ᠨᠡᠮᠡᠷᠢᠯᠡᠭᠦ ᠶᠢ ᠪᠠᠷᠢᠮᠲᠠᠯᠠᠵᠤ᠂ ᠠᠮᠢ | ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠨᠡᠩ ᠣᠨᠣᠪᠴᠢᠲᠠᠢ᠂ ᠰᠢᠨᠵᠢᠯᠡᠬᠦ ᠤᠬᠠᠭᠠᠨᠴᠢ | ᠪᠥᠭᠡᠳ ᠥᠨᠳᠥᠷ ᠪᠦᠲᠦᠮᠵᠢᠲᠡᠢ ᠪᠣᠯᠭᠠᠪᠠ᠃ 2021 ᠣᠨ ᠳᠤ᠂ ᠣᠶᠤᠨᠳᠦ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠠᠪᠴᠠᠩ ᠢ ᠪᠠᠶᠢᠭᠤᠯᠵᠤ᠂ ᠤᠰᠤ᠂ ᠬᠡᠢ᠂ ᠳᠠᠭᠤ᠂ ᠰᠢᠭᠠᠷᠤ ᠶᠢᠨ ᠪᠣᠬᠢᠷᠲᠤᠯ ᠤᠨ ᠡᠬᠢ ᠶᠢᠨ | ᠪᠦᠬᠦ ᠶᠠᠪᠤᠴᠠ ᠶᠢᠨ ᠪᠢᠳᠡᠭᠦᠮᠵᠢᠯᠡᠭᠰᠡᠨ ᠬᠠᠮᠢᠶᠠᠷᠤᠯᠲᠠ ᠪᠣᠯᠣᠨ ᠬᠡᠪ ᠤᠨ ᠪᠤᠰᠤ ᠪᠠᠶᠢᠳᠠᠯ ᠢ ᠳᠠᠭᠠᠵᠤ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠪᠠ︔ 2022 ᠣᠨ ᠳᠤ᠂ ᠮᠠᠨ ᠤ ᠠᠶᠢᠮᠠᠭ ᠪᠥᠬᠦ ᠣᠷᠣᠨ ᠤ | ᠠᠩᠬᠠᠳᠠᠭᠴᠢ ᠠᠮᠢ ᠠᠬᠤᠢ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠶᠢᠳᠬᠡᠯ ᠤᠨ ᠰᠢᠰᠲ᠋ᠧᠮ ᠢ ᠪᠡᠶ᠎ᠡ ᠪᠠᠨ | ᠳᠠᠭᠠᠭᠠᠨ ᠨᠡᠭᠡᠭᠡᠨ ᠬᠥᠭᠵᠢᠭᠦᠯᠵᠦ᠂ ᠬᠡᠷᠡᠭ ᠰᠶᠢᠳᠪᠦᠷᠢᠯᠡᠭᠦ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠪᠡ︔ | ᠡᠨᠡ ᠵᠢᠯ ᠤᠨ 7 ᠰᠠᠷ᠎ᠠ ᠳᠤ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠪᠥᠬᠦ ᠣᠷᠣᠨ ᠤ | ᠠᠩᠬᠠᠳᠠᠭᠴᠢ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠵᠢᠯᠣᠭᠤᠴᠢ ᠦᠭᠡᠢ ᠨᠢᠰᠬᠡᠯ ᠤᠨ | ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠦ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ | ᠭᠠᠵᠠᠷ ᠣᠷᠣᠨ ᠪᠠ ᠭᠤᠣᠯᠳᠠᠯᠭ᠎ᠠ ᠲᠠᠢ ᠣᠷᠣᠨ ᠪᠦᠰᠡ ᠳᠤ 7 × 24 ᠴᠠᠭ ᠤᠨ ᠪᠥᠬᠦ ᠣᠷᠣᠨ ᠪᠦᠰᠡ ᠶᠢᠨ᠂ | ᠪᠦᠷᠢᠨ ᠠᠦ᠋ᠲ᠋ᠣᠴᠢᠯᠠᠬᠰᠠᠨ ᠪᠡᠶ᠎ᠡ ᠪᠠᠨ ᠳᠠᠭᠠᠭᠠᠵᠤ ᠴᠠᠭᠳᠠᠨ ᠪᠠᠶᠢᠴᠠᠭᠠᠬᠤ ᠠᠵᠢᠯ ᠢ ᠪᠡᠶᠡᠯᠡᠭᠦᠯᠪᠡ᠃ | ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠦᠢᠯᠡᠴᠢᠯᠡᠭᠡᠨ ᠤ ᠪᠠᠶᠢᠭᠤᠯᠤᠯᠲᠠ ᠶᠢ | ᠠᠬᠢᠭᠤᠯᠵᠤ᠂ ᠬᠤᠳᠠᠯᠳᠤᠭ᠎ᠠ ᠡᠷᠭᠢᠯᠡᠭᠦ ᠤᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ 2022 | ᠣᠨ ᠤ 6 ᠰᠠᠷ᠎ᠠ ᠳᠤ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ︽ᠵᠥᠪᠰᠢᠶᠡᠷᠡᠭᠦᠯᠦᠭᠰᠡᠨ | ᠦᠭᠡᠢ ᠪᠠᠷ ᠤᠷᠢᠳ ᠢᠶᠠᠷ ᠪᠠᠶᠢᠭᠤᠯᠤᠬᠰᠠᠨ︾᠂ ︽ᠰᠢᠯᠭᠠᠨ ᠪᠠᠶᠢᠴᠠᠭᠠᠭᠰᠠᠨ ᠦᠭᠡᠢ ᠪᠠᠷ ᠤᠷᠢᠳ ᠢᠶᠠᠷ ᠪᠡᠯᠡ | ᠣᠷᠣᠭᠤᠯᠤᠬᠰᠠᠨ︾ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠰᠠᠭ ᠵᠠᠬᠢᠷᠭᠠᠨ ᠤ ᠰᠶᠢᠳᠬᠡᠯ ᠤᠨ | ᠬᠡᠷᠡᠭ ᠲᠤ ᠴᠢᠭᠯᠡᠭᠦᠯᠦᠨ ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠷᠢᠳᠴᠢᠯᠠᠨ ᠰᠡᠷᠡᠮᠵᠢᠯᠡᠭᠦᠯᠬᠦ ᠠᠵᠢᠯ ᠤᠨ ᠲᠣᠭᠲᠠᠴᠠ︾ ᠶᠢ ᠲᠣᠭᠲᠠᠭᠠᠬᠰᠠᠨ ᠪᠦᠭᠡᠳ ᠣᠷᠴᠢᠨ | ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠡᠷᠡᠮᠡᠯᠵᠡᠨ ᠮᠡᠳᠡᠭᠦᠯᠦᠭᠰᠡᠨ ᠡᠯ᠎ᠡ | ᠨᠢᠭᠡᠴᠢ ᠳᠤ ᠴᠢᠭᠯᠡᠭᠦᠯᠦᠨ ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠳᠦᠷᠢᠮ ᠢ ᠬᠠᠤᠯᠢ ᠶᠣᠰᠣᠭᠠᠷ ᠨᠠᠶᠢᠳᠠᠪᠤᠷᠢᠵᠢᠭᠤᠯᠬᠤ ᠶᠢ ᠮᠡᠳᠡᠭᠳᠡᠬᠦ ᠪᠢᠴᠢᠭ︾ ᠢ ᠨᠠᠶᠢᠷᠠᠭᠤᠯᠤᠨ | ᠵᠣᠬᠢᠶᠠᠪᠠ᠃ ᠲᠣᠰ ᠠᠵᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭ᠎ᠠ᠂ 2023 ᠣᠨ ᠳᠤ ︽ | ᠵᠥᠪᠰᠢᠶᠡᠷᠡᠭᠦᠯᠦᠭᠰᠡᠨ ᠦᠭᠡᠢ ᠪᠠᠷ ᠤᠷᠢᠳ ᠢᠶᠠᠷ ᠪᠠᠶᠢᠭᠤᠯᠤᠬᠰᠠᠨ︾᠂ ︽ᠰᠢᠯᠭᠠᠨ ᠪᠠᠶᠢᠴᠠᠭᠠᠭᠰᠠᠨ ᠦᠭᠡᠢ ᠪᠠᠷ | ᠤᠷᠢᠳ ᠢᠶᠠᠷ ᠪᠡᠯᠡ ᠤᠷᠤᠭᠤᠯᠤᠬᠰᠠᠨ︾ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠶᠢᠳᠬᠡᠯ ᠲᠣᠷᠭᠠᠭᠤᠯᠢ ᠶᠢᠨ | ᠬᠡᠷᠡᠭ ᠠᠳᠠᠯᠢ ᠬᠤᠭᠤᠴᠠᠭᠠᠨ ᠤ ᠬᠢ ᠠᠴᠠ 45% ᠪᠠᠷ ᠪᠠᠭᠤᠷᠠᠪᠠ᠃ ᠡᠭᠦᠨ ᠠᠴᠠ ᠭᠠᠳᠠᠨ᠎ᠠ᠂ ᠮᠠᠨ ᠤ ᠠᠶᠢᠮᠠᠭ | ᠰᠢᠨ᠎ᠡ ᠶᠢ ᠡᠭᠦᠳᠦᠨ ᠪᠥᠬᠦ ᠣᠷᠣᠨ ᠤ ᠠᠩᠬᠠᠳᠠᠭᠴᠢ ᠪᠣᠬᠢᠷᠲᠤᠯ ᠤᠨ ᠡᠬᠢ ᠶᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ | ᠪᠣᠯᠪᠠᠰᠤᠷᠠᠯ ᠤᠨ ᠲᠥᠪ ᠢ ᠪᠠᠶᠢᠭᠤᠯᠵᠤ᠂ ᠠᠵᠤ ᠠᠬᠤᠶᠢᠯᠠᠯ ᠤᠨ ᠪᠣᠬᠢᠷᠲᠤᠯ ᠤᠨ ᠡᠬᠢ ᠶᠢ ᠰᠦᠯᠵᠢᠶᠡᠨ ᠳᠡᠭᠡᠷ᠎ᠡ | ᠬᠢᠨᠠᠨ ᠡᠵᠡᠮᠳᠡᠬᠦ ᠲᠥᠬᠦᠭᠡᠷᠦᠮᠵᠢ ᠶᠢ ︽ᠠᠯᠪᠠᠨ ᠭᠡᠷ︾ ᠲᠤ ᠨᠡᠭᠦᠯᠭᠡᠨ ᠣᠷᠣᠭᠤᠯᠵᠤ᠂ ᠬᠠᠤᠯᠢ ᠬᠡᠷᠡᠭᠵᠢᠭᠦᠯᠬᠦ | ᠮᠡᠷᠭᠡᠵᠢᠯ ᠤᠨ ᠪᠣᠯᠪᠠᠰᠤᠷᠠᠯ ᠤᠨ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠠᠤᠯᠢ | ᠬᠡᠷᠡᠭᠵᠢᠭᠦᠯᠵᠦ ᠬᠡᠷᠡᠭ ᠰᠶᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ | ᠡᠨᠡ ᠵᠢᠯ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠰᠢᠯᠤᠭᠤᠨ ᠬᠥᠬᠡ ᠬᠤᠰᠢᠭᠤ᠂ | ᠳᠣᠯᠣᠨ ᠨᠤᠤᠷ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠶᠢ ᠰᠢᠶᠠᠨ ᠤ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠲᠦᠷᠢᠮᠵᠢᠭᠰᠡᠨ ᠪᠠᠶᠢᠭᠤᠯᠤᠯᠲᠠ ᠶᠢᠨ ᠲᠤᠷᠰᠢᠯᠲᠠ ᠶᠢᠨ | ᠴᠡᠭ ᠤᠨ ᠬᠤᠪᠢ ᠪᠠᠷ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠩᠭᠢ ᠳᠤ ᠮᠡᠳᠡᠭᠦᠯᠬᠦ ᠪᠠᠷ ᠪᠠᠶᠢᠨ᠎ᠠ᠃ 2025 | ᠣᠨ ᠳᠤ᠂ ᠪᠤᠰᠤᠳ ᠬᠤᠰᠢᠭᠤ ᠰᠢᠶᠠᠨ ᠳᠤ ︽ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ ᠪᠥᠬᠦ ᠲᠠᠯ᠎ᠠ ᠪᠠᠷ | ᠪᠠᠷᠢᠮᠵᠢᠶ᠎ᠠ ᠳᠤ ᠬᠦᠷᠭᠡᠬᠦ︾ ᠡᠭᠦᠷᠭᠡ ᠶᠢ ᠪᠦᠬᠦᠨ ᠢ ᠪᠡᠶᠡᠯᠡᠭᠦᠯᠬᠦ ᠪᠠᠷ ᠭᠦᠴᠦᠯᠡᠵᠦ᠂ ᠠᠮᠢ ᠠᠬᠤᠢ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠲᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢ ᠪᠦᠬᠦᠨ ᠢ | ᠪᠦᠷᠭᠦᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠶᠠᠰᠦ ᠴᠢᠨᠠᠷ ᠦᠷ᠎ᠡ ᠠᠰᠢᠭ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ |