ᠮᠠᠨ ᠤ ᠠᠶᠢᠮᠠᠭ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/10/15
     ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠰᠢᠯᠢ ᠶᠢᠨ ᠭᠤᠣᠯ ᠠᠶᠢᠮᠠᠭ ᠤᠨ ᠤᠯᠠᠨ ᠲᠦᠮᠡᠨᠴᠢ ᠰᠣᠶᠣᠯ ᠤᠨ ᠨᠠᠭᠠᠳᠤᠮ — ᠬᠦᠳᠡᠭᠡ ᠲᠤᠰᠬᠤᠨ ᠤ ᠦᠳᠡᠰᠢᠯᠡᠭᠡ ︽ᠲᠠᠯ᠎ᠠ ᠨᠤᠲᠤᠭ ᠤᠨ ᠬᠥᠪᠡᠭᠦᠳ ᠥᠬᠢᠳ ᠤᠯᠤᠰ ᠤᠨ ᠪᠠᠶᠠᠷ ᠢᠶᠠᠨ ᠪᠡᠯᠭᠡᠯᠡᠵᠦ ᠤᠮᠠᠷᠠᠲᠤ ᠬᠢᠯᠢ ᠶᠢᠨ ᠴᠤᠭ ᠵᠢᠪᠬᠤᠭ᠎ᠠ ᠪᠠᠨ ᠪᠠᠳᠠᠷᠠᠭᠤᠯᠬᠤ︾ ᠠᠵᠢᠯᠯᠠᠭ᠎ᠠ ᠪᠠᠶᠢᠰᠡ ᠶᠢᠨ ᠰᠦᠮ᠎ᠡ ᠶᠢᠨ ᠠᠭᠤᠳᠠᠮ ᠲᠠᠯᠠᠪᠠᠢ ᠳᠤ ᠶᠠᠪᠤᠭᠳᠠᠵᠤ᠂ ᠡᠨᠡ ᠨᠢ ᠦᠷᠭᠡᠨ ᠤᠯᠠᠨ ᠬᠤᠳᠠ ᠶᠢᠨ ᠠᠷᠠᠳ ᠤᠨ ᠰᠣᠨᠢᠷᠬᠠᠯ ᠢ ᠲᠠᠲᠠᠵᠤ᠂ ᠤᠳᠬ᠎ᠠ ᠤᠷᠠᠯᠢᠭ ᠤᠨ ᠦᠪᠡᠳᠡᠭᠰᠢ ᠲᠤᠬᠯᠠᠯᠳᠠ ᠶᠢ ᠬᠠᠮᠲᠤᠪᠠᠷ ᠰᠤᠨᠢᠷᠬᠠᠪᠠ᠃      ᠠᠵᠢᠯᠯᠠᠭ᠎ᠠ ᠨᠢ ᠡᠮᠡᠭᠲᠡᠢ ᠶᠢᠨ ᠬᠡᠩᠭᠡᠷᠭᠡ ᠶᠢᠨ ᠪᠦᠵᠢᠭ᠂ ᠯᠤᠤ ᠲᠤᠭᠯᠠᠬᠤ᠂ ᠤᠷᠠᠨ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠰᠢᠯᠢ ᠶᠢᠨ ᠬᠤᠲᠠ ᠶᠢᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠠᠵᠢᠯ ᠠᠴᠠ ᠪᠠᠨ ᠰᠠᠯᠵᠤ ᠠᠮᠠᠷᠠᠭᠰᠠᠨ ᠬᠥᠮᠥᠰ᠂ ᠨᠡᠶᠢᠭᠡᠮ ᠤᠨ ᠪᠦᠯᠬᠦᠮ ᠤᠨ ᠦᠨᠳᠦᠰᠦᠲᠡᠨ ᠤ ᠣᠨᠴᠠᠯᠢᠭ ᠪᠠ ᠤᠯᠠᠮᠵᠢᠯᠠᠯᠲᠤ ᠣᠨᠴᠠᠯᠢᠭ ᠪᠦᠬᠦᠢ ᠲᠣᠭᠯᠠᠯᠲᠠ ᠪᠠᠷ ᠠᠬᠤᠢ ᠲᠠᠯᠠᠪᠠᠶ ᠶᠢᠨ ᠠᠭᠤᠷ ᠠᠮᠢᠰᠬᠤᠯ ᠢ ᠬᠥᠭᠵᠢᠭᠡᠵᠡᠢ᠃ ᠳᠠᠷᠠᠭ᠎ᠠ ᠨᠢ ᠴᠢ᠊ · ᠪᠤᠯᠠᠭ ᠤᠯᠠᠨ ᠤᠯᠤᠰ ᠤᠨ ᠮᠣᠷᠢᠨ ᠬᠤᠭᠤᠷ ᠤᠨ ᠳᠡᠭᠡᠳᠦ ᠰᠤᠷᠭᠠᠭᠤᠯᠢ ᠶᠢᠨ ᠮᠣᠷᠢᠨ ᠬᠤᠭᠤᠷ ᠤᠨ ᠬᠠᠮᠲᠤ ᠶᠢᠨ ᠬᠥᠭᠵᠢᠮ ᠢᠶᠠᠷ ᠡᠬᠢᠯᠡᠯᠲᠡ ᠪᠤᠯᠭᠠᠵᠦ᠂ ᠢᠷᠠᠭᠤ ᠰᠠᠶᠢᠬᠠᠨ ᠮᠣᠷᠢᠨ ᠬᠤᠭᠤᠷ ᠤᠨ ᠬᠥᠭᠵᠢᠮ ᠢᠶᠠᠷ ᠲᠠᠯ᠎ᠠ ᠨᠤᠲᠤᠭ ᠤᠨ ᠥᠷᠭᠡᠨ ᠠᠭᠤᠳᠠᠮ ᠪᠠ ᠰᠦᠷᠯᠢᠭ ᠰᠠᠶᠢᠬᠠᠨ ᠢ ᠭᠦᠢᠴᠡᠳ ᠢᠯᠠᠷᠠᠭᠦᠯᠪᠠ᠃ ᠠᠶᠢᠮᠠᠭ ᠤᠨ ᠤᠯᠠᠭᠠᠨᠮᠥ᠋ᠴᠢᠷ ᠵᠢᠴᠢ ᠰᠢᠯᠢ ᠶᠢᠨ ᠬᠤᠲᠠ ᠶᠢᠨ ᠰᠣᠶᠣᠯ ᠤᠨ ᠣᠷᠳᠣᠨ ᠨᠢ ᠭᠤᠶᠢᠳᠠ ᠰᠠᠶᠢᠬᠠᠨ ᠪᠥᠵᠢᠭ ᠢᠶᠠᠷ ᠦᠵᠡᠭᠴᠢᠳ ᠢᠶᠠᠨ ᠪᠠᠶᠠᠰᠬᠠᠪᠠ᠃      ᠪᠦᠬᠦ᠋ᠢᠯᠡ ᠲᠣᠭᠯᠠᠯᠲᠠ ᠨᠢ ᠮᠠᠨ ᠤ ᠠᠶᠢᠮᠠᠭ ᠤᠨ ᠥᠭᠡᠳᠡᠯᠡᠨ ᠲᠠᠪᠰᠢᠵᠤ᠂ ᠪᠦᠯᠬᠦᠮᠳᠡᠨ ᠲᠡᠮᠡᠴᠡᠬᠦ ᠨᠡᠶᠢᠭᠡᠮ ᠤᠨ ᠠᠭᠤᠷ ᠠᠮᠢᠰᠬᠤᠯ ᠢ ᠬᠦᠢᠴᠡᠳ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠲᠠᠯ᠎ᠠ ᠨᠤᠲᠤᠭ ᠤᠨ ᠬᠥᠪᠡᠭᠦᠳ ᠥᠬᠢᠳ ᠤᠨ ᠡᠬᠡ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠷᠠᠭᠤᠯᠵᠠᠢ᠃ ᠲᠤᠬᠠᠢ ᠶᠢᠨ ᠲᠠᠯᠠᠪᠠᠢ ᠳᠤ᠂ ᠦᠵᠡᠭᠴᠢᠳ ᠤᠨ ᠭᠠᠷ ᠲᠠᠭᠠᠨ ᠪᠠᠷᠢᠵᠦ ᠪᠠᠶᠢᠭ᠎ᠠ ᠤᠯᠤᠰ ᠤᠨ ᠲᠤᠭ ᠨᠢ ᠣᠭᠲᠠᠷᠭᠤᠢ ᠳᠤ ᠨᠢᠰᠬᠡᠵᠦ ᠪᠠᠶᠢᠭ᠎ᠠ ᠲᠠᠪᠤᠨ ᠣᠳᠣᠲᠤ ᠤᠯᠠᠭᠠᠨ ᠲᠤᠭ ᠤᠨ ᠴᠠᠭᠠᠰᠤᠨ ᠰᠢᠪᠠᠭᠤ ᠲᠠᠢ ᠲᠤᠶᠠᠭᠠᠷᠠᠨ ᠬᠡᠷᠡᠯᠳᠦᠵᠦ᠂ ᠮᠠᠨ ᠤ ᠠᠶᠢᠮᠠᠭ ᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢᠨ ᠨᠢᠬᠡᠨ ᠬᠢᠯᠠᠰ ᠴᠡᠭ ᠪᠣᠯᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号