ᠰᠢᠯᠢ ᠶᠢᠨ ᠭᠤᠤᠯ ᠠᠶᠢᠮᠠᠭ ︽ᠨᠡᠷᠡᠳᠦ ᠲᠡᠮᠳᠡᠭ︾ ᠢ ᠡᠭᠦᠳᠦᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2024/10/15
     ᠤᠶᠢᠷ᠎ᠠ ᠶᠢᠨ ᠵᠢᠯ᠂ ᠰᠢᠯᠢ ᠶᠢᠨ ᠭᠤᠤᠯ ᠠᠶᠢᠮᠠᠭ ᠬᠢᠯᠢ ᠬᠢᠵᠠᠭᠠᠷ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠬᠠᠮᠳᠤᠪᠡᠷ ᠡᠭᠦᠳᠦᠨ ᠪᠠᠶᠢᠭᠤᠯᠬᠤ ᠵᠢᠱᠢᠶ᠎ᠡ ᠦᠵᠡᠬᠦᠯᠬᠦ ᠬᠤᠩᠬᠢᠯ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠬᠠᠮᠳᠤᠪᠠᠷ ᠡᠳ᠋ᠯᠡᠬᠦ ᠵᠢᠱᠢᠶ᠎ᠡ ᠦᠵᠡᠬᠦᠯᠬᠦ ᠪᠦᠰᠡ ᠶᠢ ᠪᠦᠳᠦᠭᠡᠨ ᠪᠠᠶᠢᠭᠤᠯᠬᠤ ᠪᠠ ᠲᠦᠷᠪᠡᠨ ᠶᠡᠭᠡ ᠬᠦᠮᠦᠵᠢᠯ ᠦᠢᠯᠡᠳᠦᠯᠬᠡ ᠶᠢᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠤ᠂ ︽ᠨᠢᠭᠡ ᠬᠤᠩᠬᠢᠯ ᠨᠢᠭᠡ ᠪᠦᠰᠡ ᠳᠥᠷᠪᠡᠨ ᠰᠠᠭᠤᠷᠢᠨ ᠭᠠᠵᠠᠷ︾  ᠢ ᠬᠠᠮᠲᠤ ᠪᠠᠷ ᠴᠣᠭᠴᠠᠯᠠᠨ ᠬᠠᠮᠲᠤ ᠪᠠᠷ ᠡᠳ᠋ᠯᠡᠬᠦ ᠪᠠᠶᠢᠷᠢᠰᠢᠯ ᠢ ᠡᠭᠦᠳᠴᠦ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ︽ᠨᠡᠷᠡᠳᠦ ᠲᠡᠮᠳᠡᠭ︾  ᠢ ᠢᠳᠡᠪᠬᠢᠲᠡᠢ ᠪᠤᠶᠢᠵᠢᠭᠤᠯᠤᠨ᠂ ᠪᠦᠬᠦ ᠠᠶᠢᠮᠠᠭ ᠤᠨ ᠺᠠᠳ᠋ᠷ ᠤᠯᠠᠨ ᠲᠦᠮᠡᠨ ᠢ ᠲᠠᠶᠢᠴᠢᠯᠠᠨ ᠬᠠᠮᠳᠤᠪᠠᠷ ᠪᠦᠯᠬᠦᠮᠳᠡᠨ ᠲᠠᠪᠰᠢᠵᠤ᠂ ᠬᠠᠮᠳᠤᠪᠡᠷ ᠬᠦᠭᠵᠢᠨ ᠴᠡᠴᠡᠭᠯᠡᠭᠰᠡᠨ ᠢᠷᠠᠭᠤ ᠲᠤᠤᠯᠢᠰ ᠢ ᠪᠢᠴᠢᠭᠯᠡᠵᠠᠢ᠃      ᠰᠢᠯᠢ ᠶᠢᠨ ᠭᠤᠤᠯ ᠠᠶᠢᠮᠠᠭ ᠬᠢᠯᠢ ᠬᠢᠵᠠᠭᠠᠷ ᠤᠷᠤᠨ ᠢ ᠪᠠᠬᠢᠵᠢᠬᠦᠯᠦᠨ ᠬᠦᠭᠵᠢᠬᠦᠯᠬᠦ ᠪᠠ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠳᠠᠯᠠᠵᠤ᠂ ᠠᠪᠠᠭ᠎ᠠ ᠬᠤᠰᠢᠭᠤ᠂ ᠰᠦᠨᠢᠳ ᠵᠡᠬᠦᠨ ᠬᠤᠰᠢᠭᠤ᠂ ᠰᠦᠨᠢᠳ ᠪᠠᠷᠠᠭᠤᠨ ᠬᠤᠰᠢᠭᠤ᠂ ᠵᠡᠬᠦᠨ ᠦᠵᠦᠮᠦᠴᠢᠨ ᠬᠤᠰᠢᠭᠤ᠂ ᠡᠷᠢᠶᠡᠨ ᠬᠤᠳᠠ ᠵᠡᠷᠭᠡ ᠬᠢᠯᠢ ᠶᠢᠨ 5 ᠬᠤᠰᠢᠭᠤ ᠬᠤᠳᠠ ᠶᠢᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠠᠭᠠᠴᠠᠭᠤᠯᠤᠯ ᠢ ᠡᠰᠡᠷᠭᠦᠴᠡᠬᠦ ᠲᠠᠯ᠎ᠠ ᠪᠠᠷ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠳᠤ ᠬᠢᠯᠢ ᠶᠢ ᠪᠦᠳᠦᠭᠡᠨ ᠪᠠᠶᠢᠭᠤᠯᠬᠤ ᠪᠠᠷ ᠭᠤᠤᠯ ᠰᠡᠳᠦᠪ ᠪᠤᠯᠭᠠᠭᠰᠠᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠬᠠᠮᠳᠤᠪᠠᠷ ᠠᠬᠢᠭᠤᠯᠬᠤ ᠵᠢᠱᠢᠶ᠎ᠡ ᠦᠵᠡᠬᠦᠯᠬᠦ ᠬᠤᠩᠬᠢᠯ ᠢ ᠬᠠᠮᠳᠦ ᠪᠠᠷ ᠪᠠᠶᠢᠭᠤᠯᠵᠤ᠂ ᠬᠢᠯᠢ ᠬᠢᠵᠠᠭᠠᠷ ᠤᠷᠤᠨ ᠤ ᠬᠦᠭᠵᠢᠯᠳᠡ ᠴᠡᠴᠡᠭᠯᠡᠯᠳᠡ ᠪᠤᠯᠤᠨ ᠬᠢᠯᠢ ᠶᠢᠨ ᠬᠠᠮᠠᠭᠠᠯᠠᠯᠳᠠ ᠠᠮᠤᠷ ᠲᠤᠭᠳᠠᠭᠤᠨ ᠢ ᠠᠬᠢᠭᠤᠯᠪᠡ᠃      ᠰᠢᠯᠢ ᠶᠢᠨ ᠬᠤᠳᠠ᠂ ᠪᠠᠷᠠᠭᠤᠨ ᠦᠵᠦᠮᠦᠴᠢᠨ ᠬᠤᠰᠢᠭᠤ᠂ ᠬᠦᠪᠡᠭᠡᠳᠤ ᠰᠢᠷ᠎ᠠ ᠬᠤᠰᠢᠭᠤ᠂  ᠰᠢᠯᠤᠭᠤᠨ ᠬᠦᠬᠡ ᠬᠤᠰᠢᠭᠤ᠂ ᠲᠤᠯᠤᠨ ᠨᠤᠤᠷ ᠰᠢᠶᠠᠨ᠂ ᠤᠯᠠᠭᠠᠢ ᠬᠠᠮᠢᠶᠠᠷᠤᠯᠳᠠ ᠶᠢᠨ ᠤᠷᠤᠨ ᠳᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠬᠠᠮᠳᠤᠪᠡᠷ ᠡᠳ᠋ᠯᠡᠬᠦ ᠵᠢᠱᠢᠶ᠎ᠡ ᠦᠵᠡᠬᠦᠯᠬᠦ ᠪᠦᠰᠡ ᠶᠢ ᠪᠠᠶᠢᠭᠤᠯᠵᠤ᠂ ︽ᠦᠨᠳᠦᠰᠦᠳᠡᠨ ᠤ ᠪᠦᠯᠬᠦᠮᠳᠡᠯ +︾ ᠨᠡᠷ᠎ᠡ ᠲᠡᠮᠳᠡᠭ ᠤᠨ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠯᠧᠮᠧᠨ᠋ᠲ  ᠢ ᠰᠤᠶᠤᠯ ᠤᠨ ᠤᠷᠳᠤᠨ᠂ ᠵᠢᠭᠤᠯᠴᠢᠯᠠᠯ ᠤᠨ ᠴᠡᠭ᠂ ᠵᠡᠭᠡᠯᠢ ᠭᠤᠳᠤᠮᠵᠢ ᠳᠤ ᠠᠭᠤᠰᠤᠯᠴᠠᠭᠤᠯᠵᠤ᠂ ᠴᠡᠷᠢᠭ ᠠᠩᠬᠢ ᠪᠤᠯᠤᠨ ᠭᠠᠵᠠᠷ ᠤᠷᠤᠨ ᠬᠠᠮᠳᠤᠪᠠᠷ ᠪᠦᠳᠦᠭᠡᠨ ᠪᠠᠶᠢᠭᠤᠯᠬᠤ ᠶᠢ ᠢᠳᠡᠪᠬᠢᠳᠡᠢ ᠦᠷᠨᠢᠭᠦᠯᠪᠡ᠃ ᠤᠶᠢᠯᠠᠭᠠᠭᠰᠠᠨ ᠢᠶᠠᠷ᠂ ᠰᠢᠯᠢ ᠶᠢᠨ ᠭᠤᠤᠯ ᠠᠶᠢᠮᠠᠭ ᠤᠷᠢᠳ ᠬᠤᠵᠢᠳ ᠭᠤᠤᠯ ᠰᠡᠳᠦᠪᠳᠤ ᠦᠵᠡᠰᠬᠦᠯᠡᠩ ᠤᠨ ᠤᠷᠳᠤᠨ᠂ ᠰᠠᠭᠤᠷᠢᠨ ᠭᠠᠵᠠᠷ᠂ ᠴᠡᠴᠡᠷᠯᠢᠭ ᠵᠡᠷᠭᠡ ᠶᠢ 38 ᠶᠢ ᠪᠠᠶᠢᠭᠤᠯᠵᠤ᠂ ᠭᠤᠤᠯ ᠰᠡᠳᠦᠪ ᠲᠤᠳᠤᠷᠬᠠᠢ᠂ ᠲᠤᠪᠤᠶᠢᠮ᠎ᠠ ᠤᠨᠴᠠᠯᠢᠭ ᠲᠠᠢ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠴᠡᠭ 160 ᠭᠠᠷᠤᠢ ᠶᠢ ᠪᠠᠶᠢᠭᠤᠯᠵᠤ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠪᠦᠰᠡ ᠶᠢ ᠪᠦᠷᠢᠯᠳᠦᠬᠦᠯᠬᠦ ᠶᠢᠨ ᠬᠠᠮᠳᠤ ᠦᠷᠬᠦᠯᠵᠢᠯᠡᠨ ᠦᠷᠭᠡᠳᠭᠡᠪᠡ᠃      ᠡᠭᠦᠨ ᠤ ᠬᠠᠮᠳᠤ᠂ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠯᠢ ᠶᠢᠨ ᠬᠤᠳᠠ ᠳᠤ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠬᠦ︾ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠶᠢᠭᠤᠯᠤᠨ᠂ 2014 ᠣᠨ ᠳᠤ ᠶᠡᠷᠦᠩᠬᠡᠢ ᠱᠦᠵᠢ ᠰᠢ ᠶᠢᠨ ᠫᠢᠩ ᠤᠨ ᠰᠢᠯᠢ ᠶᠢᠨ ᠬᠤᠳᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠭᠤᠣᠯ ᠰᠡᠳᠦᠪ ᠪᠣᠯᠭᠠᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠢᠮᠠᠭᠲᠠ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠪᠠᠷ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠪᠤᠯᠤᠨ ᠬᠠᠶᠢᠷ᠎ᠠ ᠬᠠᠯᠠᠮᠵᠢ ᠶᠢ ᠪᠠᠳᠤ ᠴᠡᠭᠡᠵᠢᠯᠡᠨ᠂ ᠪᠤᠳᠠᠳᠤ ᠠᠵᠢᠯᠯᠠᠭ᠎ᠠ ᠪᠠᠷ ᠢᠶᠠᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠭᠦᠳᠦᠯᠦᠨ ᠵᠢᠯᠣᠭᠤᠳᠴᠠᠢ︔ ᠪᠥᠬᠦ ᠤᠯᠤᠰ ᠤᠨ ᠠᠩᠬᠠᠳᠠᠭᠴᠢ ᠤᠯᠠᠭᠠᠨᠮᠥ᠋ᠴᠢᠷ — ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ 67 ᠵᠢᠯ ᠤᠨ ᠲᠤᠷᠰᠢᠬᠢ ᠲᠡᠦᠬᠡ ᠶᠢᠨ ᠪᠣᠳᠠᠲᠤ ᠪᠠᠶᠢᠳᠠᠯ ᠪᠠ ᠥᠰᠥᠭ ᠪᠢᠴᠢᠭ ᠬᠡᠷᠡᠯ ᠵᠢᠷᠤᠭ ᠤᠨ ᠮᠠᠲ᠋ᠧᠷᠢᠶᠠᠯ ᠢ ᠰᠢᠰᠲ᠋ᠧᠮ ᠲᠠᠢ ᠡᠮᠬᠢᠯᠡᠵᠦ᠂ ᠰᠦᠨᠢᠳ ᠪᠠᠷᠠᠭᠤᠨ ᠬᠤᠰᠢᠭᠤᠨ ᠳᠤ ︽ᠬᠤᠪᠢᠰᠬᠠᠯᠲᠤ ᠤᠳᠭ᠎ᠠ ᠤᠷᠠᠯᠢᠭ ᠤᠨ ᠬᠥᠩᠭᠡᠨ ᠮᠣᠷᠢᠲᠤ ᠴᠡᠷᠢᠭ — ᠤᠯᠠᠭᠠᠨᠮᠥ᠋ᠴᠢᠷ︾  ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠶᠢᠭᠤᠯᠵᠤ᠂ ᠤᠯᠠᠭᠠᠨᠮᠥ᠋ᠴᠢᠷ ᠤᠨ ᠲᠤᠭᠯᠠᠭᠴᠢᠳ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠡᠯᠪᠡᠭ ᠪᠠᠶᠠᠯᠢᠭ ᠰᠣᠶᠣᠯ ᠤᠨ ᠠᠮᠢᠳᠤᠷᠠᠯ ᠪᠠ ᠣᠶᠤᠨ ᠰᠠᠨᠠᠭᠠᠨ ᠤ ᠬᠦᠷᠳᠡᠭᠡᠯ ᠬᠠᠩᠭᠠᠭᠰᠠᠨ ᠠᠮᠢᠳᠤᠯᠢᠭ ᠥᠯᠢᠭᠡᠷ ᠢ ᠭᠦᠢᠴᠡᠳ ᠢᠯᠡᠷᠡᠬᠦᠯᠵᠡᠢ︔ ᠠᠪᠠᠭ᠎ᠠ ᠬᠤᠰᠢᠭᠤᠨ ᠤ ᠬᠤᠩᠭᠤᠷᠭᠤᠤᠯ ᠪᠠᠯᠭᠠᠰᠤᠨ ᠤ ᠰᠠᠷᠠᠭᠤᠯᠳᠠᠯ᠎ᠠ ᠭᠠᠴᠠᠭᠠᠨ ᠳᠤ ︽ᠲᠠᠯ᠎ᠠ ᠨᠤᠲᠤᠭ ᠤᠨ ᠬᠥᠪᠡᠭᠦᠨ — ᠲᠢᠩ · ᠪᠠᠭᠠᠲᠤᠷ︾  ᠤᠨ ᠲᠡᠷᠢᠭᠦᠨ ᠤ ᠦᠢᠯᠡ ᠠᠵᠢᠯᠯᠠᠭ᠎ᠠ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠢ ᠡᠭᠦᠳᠦᠨ ᠪᠠᠶᠢᠭᠤᠯᠵᠤ᠂ ︽7 · 1 ᠤ ᠭᠠᠪᠢᠶᠠᠨ ᠲᠡᠮᠳᠡᠭ︾ ᠬᠦᠷᠲᠡᠭᠴᠢ ᠲᠢᠩ · ᠪᠠᠭᠠᠲᠤᠷ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠲᠣᠭᠤᠷᠢᠨ ᠳᠤ ᠲᠢᠩ · ᠪᠠᠭᠠᠲᠤᠷ ᠨᠥᠬᠦᠷ ᠤᠨ ᠲᠠᠯ᠎ᠠ ᠨᠤᠲᠤᠭ ᠲᠤ ᠦᠨᠳᠦᠰᠦᠯᠡᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠠᠯ᠎ᠠ ᠨᠤᠳᠤᠭ ᠤᠨ ᠠᠮᠢ ᠠᠬᠤᠶ ᠶᠢ ᠬᠠᠮᠠᠭᠠᠯᠠᠵᠤ᠂ ᠬᠠᠮᠲᠤ ᠪᠠᠷ ᠴᠢᠨᠡᠭᠡᠯᠢᠭᠵᠢᠭᠰᠡᠨ ᠨᠡᠶᠢᠲᠡᠯᠢᠭ ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠦᠷᠭᠡᠨ ᠤᠯᠠᠨ ᠺᠠᠳ᠋ᠷ ᠤᠯᠠᠨ ᠲᠦᠮᠡᠨ ᠤ ᠦᠯᠢᠭᠡᠷ ᠵᠢᠱᠢᠶ᠎ᠡ ᠠᠴᠠ ᠲᠠᠭᠠᠨ ᠰᠤᠷᠤᠯᠴᠠᠬᠤ ᠶᠢ ᠬᠦᠳᠦᠯᠤᠨ ᠵᠢᠯᠤᠭᠤᠳᠴᠠᠢ︔ ︽3000 ᠦᠨᠦᠴᠢᠨ ᠬᠡᠦᠬᠡᠳ  ᠥᠪᠥᠷ ᠮᠣᠩᠭᠤᠯ ᠳᠤ︾ ᠲᠡᠦᠬᠡᠨ ᠬᠡᠷᠡᠭ ᠢᠶᠠᠷ ᠠᠷᠤ ᠦᠵᠡᠭᠳᠡᠯ ᠪᠣᠯᠭᠠᠵᠤ᠂ ᠰᠣᠶᠣᠯ ᠲᠡᠦᠬᠡ᠂ ᠬᠡᠷᠡᠯ ᠵᠢᠷᠤᠭ ᠵᠡᠷᠭᠡ ᠮᠠᠲ᠋ᠧᠷᠢᠶᠠᠯ ᠢ ᠴᠤᠭᠯᠠᠭᠤᠯᠤᠨ ᠡᠮᠬᠢᠳᠭᠡᠵᠦ᠂ ᠥᠨᠥᠴᠢᠨ ᠬᠡᠦᠬᠡᠳ ᠢ ᠬᠠᠮᠤᠭ ᠤᠨ ᠣᠯᠠᠨ ᠡᠷᠭᠦᠨ ᠲᠡᠵᠢᠭᠡᠭᠰᠡᠨ ᠰᠥᠨᠢᠳ ᠵᠡᠭᠦᠨ ᠬᠤᠰᠢᠭᠤᠨ ᠳᠤ ︽3000 ᠥᠨᠥᠴᠢᠨ ᠬᠡᠦᠬᠡᠳ ᠥᠪᠥᠷ ᠮᠣᠩᠭᠤᠯ ᠳᠤ︾ ᠭᠤᠤᠯ ᠰᠡᠳᠦᠪᠲᠦ ᠦᠵᠡᠭᠦᠯᠭᠡ ᠶᠢᠨ ᠲᠢᠩᠬᠢᠮ ᠪᠠᠶᠢᠭᠤᠯᠵᠤ᠂ ᠲᠠᠯ᠎ᠠ ᠨᠤᠲᠤᠭ ᠤᠨ ᠡᠬᠡᠴᠤᠤᠯ ᠥᠨᠥᠴᠢᠨ ᠬᠡᠦᠬᠡᠳ ᠢ ᠦᠷᠡᠴᠢᠯᠡᠨ ᠲᠡᠵᠢᠭᠡᠭᠰᠡᠨ ᠰᠡᠳᠭᠢᠯ ᠬᠦᠳᠡᠯᠭᠡᠮ᠎ᠡ ᠦᠯᠢᠭᠡᠷ ᠤᠳ ᠢ ᠲᠡᠯᠭᠡᠨ ᠦᠵᠡᠬᠦᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠭᠧᠨ ᠢ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠭᠦᠳᠦᠯᠦᠨ ᠵᠢᠯᠤᠭᠤᠳᠴᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号