ᠥᠪᠥᠷ ᠮᠣᠩᠭᠤᠯ ᠤᠨ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠬᠠᠯᠠᠮᠰᠢᠯ ᠤᠲᠠᠰᠤᠨ ᠤ ᠲᠠᠪᠴᠠᠩ ᠨᠢ ᠵᠢᠵᠢᠭᠦᠷ ᠬᠠᠤᠯᠢᠴᠢ ᠶᠢᠨ ᠨᠡᠪᠲᠡᠷᠡᠯᠴᠡᠬᠦ ᠤᠷ᠎ᠠ ᠮᠡᠷᠭᠡᠵᠢᠯ ᠢ ᠨᠢ | ᠳᠡᠭᠡᠭᠰᠢᠯᠡᠭᠦᠯᠦᠨ᠂ ᠠᠵᠢᠯ ᠤᠨ ᠳᠠᠷᠤᠭᠠᠰᠤ ᠶᠢ ᠨᠢ ᠬᠥᠩᠭᠡᠷᠡᠭᠦᠯᠵᠦ᠂ ᠠᠵᠢᠯ ᠤᠨ ᠦᠷ᠎ᠡ ᠪᠦᠲᠦᠮᠵᠢ ᠪᠠ | ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠭᠦ ᠶᠢᠨ ᠲᠥᠯᠥᠭᠡ ︽ᠨᠡᠪᠲᠡᠷᠡᠯᠴᠡᠬᠦ ᠤᠷ᠎ᠠ ᠮᠡᠷᠭᠡᠵᠢᠯ ᠢ | ᠪᠡᠶᠡᠴᠢᠯᠡᠨ ᠣᠶᠢᠯᠠᠭᠠᠭᠤᠯᠬᠤ ᠮᠠᠶ᠋ᠢᠭ ᠢᠶᠠᠷ ᠪᠦᠯᠭᠦᠮ ᠨᠡᠶᠢᠲᠡ ᠳᠤ ᠬᠠᠪᠰᠤᠷᠤᠨ ᠵᠢᠯᠣᠭᠤᠳᠤᠯᠭ᠎ᠠ ᠬᠢᠬᠦ︾ ᠲᠤᠰᠬᠠᠢ | ᠰᠡᠳᠦᠪᠲᠦ ᠪᠣᠯᠪᠠᠰᠤᠷᠠᠯ ᠢ ᠡᠷᠭᠢᠯᠡᠪᠡ᠃ | ᠪᠣᠯᠪᠠᠰᠤᠷᠠᠯ ᠠᠴᠠ ᠤᠯᠤᠰ ᠤᠨ ᠬᠤᠶᠠᠳᠤᠭᠠᠷ ᠳᠡᠰ ᠤᠨ ᠵᠥᠪᠯᠡᠯᠭᠡ ᠥᠭᠭᠦᠭᠴᠢ ᠶᠢ ᠲᠤᠰᠬᠠᠶᠢᠯᠠᠨ ᠤᠷᠢᠵᠤ | ᠲᠤᠬᠠᠢ ᠶᠢᠨ ᠲᠠᠯᠠᠪᠤᠷ ᠲᠤ ᠵᠢᠯᠣᠭᠤᠳᠤᠯᠭ᠎ᠠ ᠭᠢᠯᠭᠡᠵᠦ᠂ ᠪᠦᠯᠭᠦᠮ ᠨᠡᠶᠢᠲᠡ ᠳᠤ ᠬᠠᠪᠰᠤᠷᠤᠨ ᠵᠢᠯᠤᠭᠤᠳᠬᠤ ᠭᠡᠯᠪᠡᠷᠢ | ᠪᠠᠷ ᠲᠠᠪᠴᠠᠩ ᠨᠢᠭᠡᠪᠦᠷᠢ ᠶᠢᠨ ᠵᠢᠵᠢᠭᠦᠷ ᠬᠠᠤᠯᠢᠴᠢ ᠶᠢ ᠨᠡᠪᠲᠡᠷᠡᠯᠴᠡᠬᠦ ᠶᠠᠪᠤᠴᠠ ᠳᠤ ᠣᠷᠣᠯᠴᠠᠭᠤᠯᠤᠨ᠂ ᠪᠣᠳᠠᠲᠠᠢ | ᠨᠡᠪᠲᠡᠷᠡᠯᠴᠡᠬᠦ ᠶᠠᠪᠤᠴᠠ ᠳᠤᠮᠳᠠᠬᠢ ᠬᠠᠷᠰᠢ ᠰᠠᠭᠠᠳ ᠵᠢᠴᠢ ᠡᠲᠡᠭᠡᠷ ᠠᠰᠠᠭᠤᠳᠠᠯ ᠢ ᠬᠡᠷᠬᠢᠨ ᠪᠦᠲᠦᠮᠵᠢᠲᠡᠶ | ᠰᠢᠢᠳᠪᠦᠷᠢᠯᠡᠬᠦ ᠲᠤᠬᠠᠢ ᠪᠣᠳᠠᠲᠤ ᠦᠢᠯᠡᠳᠦᠯᠭᠡ ᠶᠢᠨ ᠲᠠᠶᠢᠯᠤᠮᠵᠢ ᠬᠢᠪᠡ᠃ ᠡᠶᠢᠮᠦᠷᠬᠦᠦ ᠪᠡᠶᠡᠴᠢᠯᠡᠨ ᠣᠶᠢᠯᠠᠭᠠᠬᠤ | ᠮᠠᠶ᠋ᠢᠭ ᠤᠨ ᠰᠤᠷᠤᠯᠴᠠᠬᠤ ᠠᠷᠭ᠎ᠠ ᠮᠠᠶ᠋ᠢᠭ ᠨᠢ ᠪᠣᠯᠪᠠᠰᠤᠷᠠᠯ ᠳᠤ ᠣᠷᠣᠯᠴᠠᠭᠰᠠᠳ ᠢ ᠨᠡᠪᠲᠡᠷᠡᠯᠴᠡᠬᠦ ᠶᠢᠨ ᠴᠢᠬᠤᠯᠠ | ᠴᠢᠨᠠᠷ ᠢ ᠨᠡᠩ ᠭᠦᠨᠵᠡᠭᠡᠢ ᠣᠶᠢᠯᠠᠭᠠᠭᠤᠯᠵᠤ᠂ ᠬᠠᠤᠯᠢᠴᠢ ᠨᠠᠷ ᠲᠤ ᠨᠡᠩ ᠤᠯᠠᠨ ᠨᠡᠪᠲᠡᠷᠡᠯᠴᠡᠬᠦ ᠤᠷ᠎ᠠ ᠳᠡᠮ ᠢ | ᠡᠵᠡᠮᠰᠢᠭᠦᠯᠪᠡ᠃ ᠪᠣᠯᠪᠠᠰᠤᠷᠠᠯ ᠤᠨ ᠶᠠᠪᠤᠴᠠ ᠳᠤ ᠤᠯᠠᠨ ᠢᠶᠠᠷ ᠢᠶᠠᠨ ᠢᠳᠡᠪᠬᠢᠲᠡᠢ ᠣᠷᠣᠯᠴᠠᠨ᠂ ᠬᠠᠷᠢᠯᠴᠠᠨ | ᠰᠤᠷᠤᠯᠴᠠᠵᠤ᠂ ᠬᠠᠮᠲᠤ ᠪᠠᠷ ᠲᠠᠪᠰᠢᠪᠠ᠃ ᠪᠣᠯᠪᠠᠰᠤᠷᠠᠯ ᠨᠢ ᠬᠠᠤᠯᠢᠴᠢᠳ ᠤᠨ ᠨᠡᠪᠲᠡᠷᠡᠯᠴᠡᠬᠦ ᠤᠷ᠎ᠠ ᠮᠡᠷᠭᠡᠵᠢᠯ ᠢ | ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠪᠦᠯᠭᠦᠮ ᠤᠨ ᠬᠤᠭᠤᠷᠣᠨᠳᠣᠭᠢ ᠬᠠᠮᠵᠢᠯᠴᠠᠭ᠎ᠠ ᠶᠢ ᠴᠤ | ᠳᠡᠭᠡᠭᠰᠢᠯᠡᠭᠦᠯᠪᠡ᠃ | ᠲᠣᠰ ᠪᠣᠯᠪᠠᠰᠤᠷᠠᠯ ᠢᠶᠠᠷ ᠳᠡᠮᠵᠢᠨ ᠵᠢᠵᠢᠭᠦᠷ ᠬᠠᠤᠯᠢᠴᠢ ᠨᠢᠭᠡᠪᠦᠷᠢ ᠰᠡᠳᠬᠢᠴᠡ ᠵᠦᠢ ᠶᠢᠨ ᠮᠡᠳᠡᠯᠭᠡ ᠶᠢ | ᠭᠦᠨᠵᠡᠭᠡᠢ ᠣᠶᠢᠯᠠᠭᠠᠭᠰᠠᠨ ᠢᠶᠠᠷ ᠪᠠᠷᠠᠬᠤ ᠦᠭᠡᠢ ᠪᠠᠰᠠ ᠤᠷᠮ᠎ᠠ ᠰᠡᠳᠬᠢᠯᠭᠡ ᠶᠢᠨ ᠳᠠᠷᠤᠯᠲᠠ ᠶᠢ ᠨᠢ ᠲᠠᠶᠢᠯᠤᠨ | ᠲᠠᠶᠢᠳᠬᠤᠷᠠᠭᠤᠯᠵᠤ᠂ ᠬᠠᠯᠠᠮᠰᠢᠯ ᠤᠲᠠᠰᠤᠨ ᠤ ᠵᠢᠵᠢᠭᠦᠷ ᠬᠠᠤᠯᠢᠴᠢ ᠶᠢᠨ ᠤᠷᠮ᠎ᠠ ᠰᠡᠳᠬᠢᠯᠭᠡ ᠶᠢ ᠨᠠᠩ ᠲᠣᠭᠲᠠᠭᠤᠨ | ᠪᠤᠯᠭᠠᠵᠤ᠂ ᠲᠡᠳᠡᠨ ᠤ ᠠᠵᠢᠯ ᠤᠨ ᠥᠷᠲᠡᠭ ᠤᠨ ᠮᠡᠳᠡᠷᠡᠮᠵᠢ ᠶᠢ ᠳᠡᠭᠡᠭᠰᠢᠯᠡᠭᠦᠯᠦᠭᠰᠡᠨ ᠪᠥᠭᠡᠳ ᠥᠪᠥᠷ ᠮᠣᠩᠭᠤᠯ ᠤᠨ | ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ | ᠲᠠᠪᠴᠠᠩ ᠤᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃ | | |