ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠦᠭᠦ ᠤᠯᠤᠰ ᠤᠨ 44 ᠲᠦᠮᠡ ᠰᠢᠬᠠᠮ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠳᠤᠷᠠᠴᠤᠳ ᠦᠨᠳᠦᠰᠦᠨ ᠱᠠᠲᠤᠨ ᠳᠤ ᠪᠠᠭᠤᠵᠠᠢ
ᠨᠡᠶᠢᠲᠡᠯᠡᠭᠰᠡᠨ ᠴᠠᠭ᠄
2024/10/15
     2024 ᠣᠨ ᠤ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠲᠤᠷᠠᠴᠤᠳ ᠤᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭᠠᠨ ᠤ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠣᠶᠢᠷ᠎ᠠ ᠶᠢᠨ ᠡᠳᠦᠷ ᠬᠤᠪᠧᠢ ᠮᠤᠵᠢ ᠶᠢᠨ ᠦᠬᠠᠨ ᠬᠤᠲᠠ ᠳᠤ ᠬᠤᠷᠠᠯᠳᠤᠪᠠ᠃ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠭᠦ ᠤᠯᠤᠰ ᠤᠨ ᠡᠯ᠎ᠡ ᠭᠠᠵᠠᠷ ᠤᠨ ᠬᠢᠨ ᠰᠦᠯᠵᠢᠶᠡᠨ ᠳᠡᠭᠡᠷᠡᠬᠢ ᠪᠤᠶᠤ ᠠᠬᠤᠢ ᠲᠠᠯᠠᠪᠠᠢ ᠶᠢᠨ ᠠᠷᠭ᠎ᠠ ᠮᠠᠶ᠋ᠢᠭ ᠢᠶᠠᠷ ᠳᠠᠮᠵᠢᠨ ᠬᠠᠤᠯᠢ ᠲᠦᠭᠡᠮᠡᠯᠵᠢᠭᠦᠯᠬᠦ ᠰᠠᠶᠢᠨ ᠲᠤᠷᠠᠴᠤᠳ ᠤᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠶᠢ ᠨᠡᠶᠢᠲᠡ 62 ᠲᠦᠮᠡ ᠭᠠᠷᠤᠢ ᠲᠠᠯᠠᠪᠤᠷ ᠥᠷᠨᠢᠭᠦᠯᠵᠦ᠂ 44 ᠲᠦᠮᠡ ᠭᠠᠷᠤᠢ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠲᠤᠷᠠᠴᠤᠳ ᠡᠭᠦᠨ ᠳᠤ ᠢᠳᠡᠪᠬᠢᠲᠡᠢ ᠣᠷᠣᠯᠴᠠᠪᠠ᠃      ᠲᠠᠨᠢᠯᠴᠠᠭᠤᠯᠤᠭᠰᠠᠨ ᠢᠶᠠᠷ᠂ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠳᠤᠷᠠᠴᠤᠳ ᠤᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠶᠢ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ᠂ ᠬᠠᠤᠯᠢ ᠴᠠᠭᠠᠵᠠ ᠶᠢᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠠᠴᠠ ᠬᠠᠮᠲᠤᠷᠠᠨ ᠭᠤᠣᠯᠯᠠᠨ ᠡᠷᠭᠢᠯᠡᠵᠦ᠂ 2008 ᠣᠨ ᠤ 5 ᠰᠠᠷ᠎ᠠ ᠠᠴᠠ ᠥᠷᠨᠢᠭᠦᠯᠦᠭᠰᠡᠨ ᠠᠴᠠ ᠨᠠᠭᠠᠰᠢ᠂ ᠬᠠᠤᠯᠢ ᠲᠦᠭᠡᠮᠡᠯᠵᠢᠭᠦᠯᠬᠦ ᠥᠷᠭᠡᠨ ᠣᠯᠠᠨ ᠵᠠᠯᠠᠭᠤ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠷᠭᠠᠭᠤᠯᠢ ᠪᠠ ᠥᠷᠭᠡᠨ ᠠᠭᠤᠳᠠᠮ ᠬᠥᠳᠡᠭᠡ ᠲᠣᠰᠬᠤᠨ ᠳᠤ ᠬᠦᠷᠴᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠯᠠᠪᠯᠠᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠬᠠᠤᠯᠢ ᠪᠠᠷ ᠵᠠᠰᠠᠬᠤ ᠦᠢᠯᠡᠳᠦᠯᠭᠡ ᠳᠤ ᠦᠢᠯᠡᠴᠢᠯᠡᠵᠦ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃      ︽ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠪᠣᠯ ᠬᠠᠤᠯᠢ ᠪᠠᠷ ᠵᠠᠰᠠᠬᠤ ᠨᠡᠶᠢᠭᠡᠮ ᠤᠨ ᠰᠠᠭᠤᠷᠢ ᠢᠨᠵᠧᠨᠧᠷᠢᠩ ᠮᠥᠨ᠂ ᠪᠦᠭᠦ ᠠᠷᠠᠳ ᠲᠤ ᠬᠠᠤᠯᠢ ᠶᠢ ᠲᠦᠭᠡᠮᠡᠯᠵᠢᠭᠦᠯᠬᠦ ᠪᠣᠯ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠤᠷᠲᠤ ᠬᠤᠭᠤᠴᠠᠭᠠᠨ ᠤ ᠰᠠᠭᠤᠷᠢᠯᠠᠬᠤ ᠴᠢᠨᠠᠷᠲᠠᠢ ᠠᠵᠢᠯ ᠮᠥᠨ︾᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠤᠩ ᠰᠢᠶᠠᠩ ᠬᠤᠷᠠᠯ ᠳᠡᠭᠡᠷ᠎ᠡ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠭᠦ ᠤᠯᠤᠰ ᠤᠨ ᠡᠯ᠎ᠡ ᠭᠠᠵᠠᠷ ᠤᠨ 44 ᠲᠦᠮᠡ ᠰᠢᠬᠠᠮ ᠵᠠᠯᠠᠭᠤ ᠰᠠᠶᠢᠨ ᠳᠤᠷᠠᠴᠤᠳ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠳᠤ ᠣᠷᠣᠯᠴᠠᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ 62 ᠲᠦᠮᠡ ᠰᠢᠬᠠᠮ ᠲᠠᠯᠠᠪᠠᠢ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠳᠤᠷᠠᠴᠤᠳ ᠤᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠰᠢᠨ᠎ᠡ ᠢᠳᠡᠪᠬᠢᠲᠡᠢ ᠠᠬᠢᠴᠠ ᠣᠯᠪᠠ ᠭᠡᠵᠦ ᠲᠠᠨᠢᠯᠴᠠᠭᠤᠯᠵᠠᠢ᠃      ᠲᠠᠨᠢᠯᠴᠠᠭᠤᠯᠤᠭᠰᠠᠨ ᠢᠶᠠᠷ᠂ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠡᠯ᠎ᠡ ᠮᠤᠵᠢ ᠶᠢᠨ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠭᠤᠣᠯᠳᠠᠯᠭ᠎ᠠ ᠪᠠᠨ ᠳᠣᠷᠣᠭᠰᠢ ᠪᠠᠭᠤᠯᠭᠠᠬᠤ᠂ ᠬᠦᠴᠦᠨ ᠢᠶᠠᠨ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠦᠨᠳᠦᠰᠦᠨ ᠱᠠᠲᠤ ᠲᠠᠢ ᠣᠶᠢᠷᠠᠳᠬᠤ᠂ ᠣᠯᠠᠨ ᠲᠦᠮᠡᠨ ᠲᠠᠢ ᠣᠶᠢᠷᠠᠳᠬᠤ᠂ ᠠᠷᠠᠳ ᠤᠨ ᠠᠮᠢᠳᠤᠷᠠᠯ ᠲᠠᠢ ᠣᠶᠢᠷᠠᠳᠬᠤ ᠶᠢ ᠪᠠᠷᠢᠮᠲᠠᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠤᠯᠢ ᠲᠦᠭᠡᠮᠡᠯᠵᠢᠭᠦᠯᠬᠦ ᠲᠥᠰᠥᠯ ᠲᠣᠭᠲᠠᠭᠠᠵᠤ᠂ ᠬᠠᠤᠯᠢ ᠲᠦᠭᠡᠮᠡᠯᠵᠢᠭᠦᠯᠬᠦ ᠠᠭᠤᠯᠭ᠎ᠠ ᠨᠢ ᠦᠨᠳᠦᠰᠦᠨ ᠱᠠᠲᠤᠨ ᠤ ᠣᠯᠠᠨ ᠲᠦᠮᠡᠨ ᠤ ᠬᠡᠷᠡᠭᠴᠡᠭᠡ ᠲᠠᠢ ᠨᠡᠶᠢᠴᠡᠬᠦ᠂ ᠬᠠᠤᠯᠢ ᠲᠦᠭᠡᠮᠡᠯᠵᠢᠭᠦᠯᠬᠦ ᠭᠡᠯᠪᠡᠷᠢ ᠨᠢ ᠠᠷᠠᠳ ᠣᠯᠠᠨ ᠤ ᠳᠤᠷ᠎ᠠ ᠰᠣᠨᠢᠷᠬᠠᠯ ᠢ ᠲᠠᠲᠠᠵᠤ ᠳᠡᠶᠢᠯᠭᠦ ᠶᠢ ᠪᠠᠲᠤᠯᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号