ᠵᠠᠩ ᠪᠠᠢ ᠴᠸᠡᠭ ᠲᠤᠮᠳᠠᠳᠦ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠨᠡᠷ᠎ᠠ ᠭᠦᠨᠳᠦᠳᠦ ᠲᠠᠷᠤᠭ᠎ᠠ ᠬᠠᠨᠢᠪᠠᠲ · ᠱᠠᠪᠦ᠋ᠺᠠᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/24
     10 ᠰᠠᠷ᠎ᠠ ᠶᠢᠨ 22 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠸᠡᠭ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠡᠰᠢᠭᠦᠨ᠂ ᠦᠨᠳᠦᠰᠦᠳᠡᠨ ᠤ ᠵᠦᠪᠯᠡᠯ ᠤᠨ ᠲᠡᠳ᠋ ᠡᠷᠭᠢᠯᠡᠭᠴᠢ ᠭᠡᠰᠢᠭᠦᠨ᠂ ᠳᠤᠮᠳᠠᠲᠦ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠨᠡᠷ᠎ᠠ ᠬᠦᠨᠳᠦᠲᠦ ᠳᠠᠷᠤᠭ᠎ᠠ ᠬᠠᠨᠢᠪᠠᠲ · ᠱᠠᠪᠦ᠋ᠺᠠᠢ ᠨᠠᠷ ᠲᠠᠢ ᠠᠭᠤᠯᠵᠠᠵᠦ᠂ ᠬᠤᠶᠠᠷ ᠲᠠᠯ᠎ᠠ ᠪᠠᠷ ᠢᠶᠠᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠬᠤ ᠲᠤᠬᠠᠢ ᠶᠠᠷᠢᠯᠴᠠᠪᠠ᠃      ᠵᠠᠩ ᠪᠠᠢ ᠴᠸᠡᠭ ᠠᠴᠠ ᠬᠠᠨᠢᠪᠠᠲ · ᠱᠠᠪᠦ᠋ᠺᠠᠢ ᠨᠠᠷ ᠤᠨ ᠭᠦᠷᠦᠯᠴᠡᠨ ᠢᠷᠡᠭᠰᠡᠨ ᠳᠤ ᠪᠠᠶᠠᠷᠯᠠᠨ ᠤᠬᠳᠤᠵᠦ ᠪᠠᠶᠢᠬᠤ ᠪᠠᠨ ᠢᠯᠡᠳᠭᠡᠪᠡ᠃ ᠲᠡᠷᠡ ᠬᠡᠯᠡᠬᠦ ᠳᠡᠭᠡᠨ᠂ ᠤᠶᠢᠷ᠎ᠠ ᠶᠢᠨ ᠵᠢᠯ ᠤᠨ ᠲᠤᠷᠰᠢ᠂ ᠰᠢᠯᠢ ᠶᠢᠨ ᠭᠤᠤᠯ ᠠᠶᠢᠮᠠᠭ ᠠᠳᠤᠭᠤ ᠶᠢ ᠦᠷᠡᠵᠢᠭᠦᠯᠦᠨ ᠪᠤᠶᠢᠵᠢᠭᠤᠯᠬᠤ ᠪᠠ ᠦᠰᠭᠡᠭᠦ ᠰᠢᠯᠢᠳᠡᠭ ᠰᠠᠶᠢᠨ ᠤᠷᠴᠢᠨ ᠲᠤᠭᠤᠷᠢᠨ᠂ ᠭᠦᠨ ᠵᠤᠵᠠᠭᠠᠨ ᠠᠳᠤᠭᠤᠨ ᠰᠤᠶᠤᠯ ᠤᠨ ᠠᠭᠤᠯᠬᠤᠨ ᠪᠠ ᠦᠷᠭᠡᠨ ᠲᠡᠯᠭᠡᠷ ᠤᠯᠠᠨ ᠲᠦᠮᠡᠨᠴᠢ ᠰᠠᠭᠤᠷᠢ ᠳᠤ ᠲᠦᠰᠢᠭᠯᠡᠵᠦ᠂ ᠰᠡᠳᠭᠢᠮᠵᠢ ᠠᠷᠭ᠎ᠠ ᠭᠡᠮᠵᠢᠶ᠎ᠠ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠡᠯ᠎ᠠ ᠲᠦᠷᠦᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠰᠠᠶᠢᠳᠦᠷ ᠬᠢᠵᠦ᠂ ᠠᠳᠤᠭᠤᠨ ᠤ ᠠᠵᠦ ᠦᠢᠯᠡᠰ ᠤᠨ ᠭᠦᠭᠵᠢᠯᠳᠡ ᠳᠤ ᠰᠠᠶᠢᠨ ᠦᠷ᠎ᠠ ᠪᠦᠳᠦᠮᠵᠢ ᠤᠯᠪᠠ᠃ ᠲᠤᠮᠳᠠᠳᠦ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠲᠤᠷᠰᠢᠯᠭ᠎ᠠ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠦ᠂ ᠮᠤᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ᠂ ᠭᠧᠨ ᠤ ᠪᠦᠯᠦᠭ ᠤᠨ ᠵᠢᠬᠰᠠᠭᠠᠯ ᠢ ᠭᠡᠮᠵᠢᠭᠦ᠂ ᠠᠵᠦ ᠦᠢᠯᠡᠰ ᠤᠨ ᠰᠦᠷᠦᠭᠵᠢᠯ ᠤᠨ ᠭᠦᠭᠵᠢᠯᠳᠡ᠂ ᠤᠷᠤᠯᠳᠤᠭᠠᠨ ᠤ ᠠᠵᠢᠯᠯᠠᠭ᠎ᠠ ᠶᠢ ᠨᠡᠭᠡᠭᠡᠨ ᠭᠦᠭᠵᠢᠭᠦᠯᠭᠦ ᠪᠠ ︽ᠵᠢᠭᠠᠬᠠᠨ ᠭᠦᠯᠦᠭ︾ ᠢ ᠮᠡᠳᠡᠷᠡᠨ ᠵᠦᠪᠰᠢᠶᠡᠷᠡᠭᠦ ᠭᠡᠮᠵᠢᠶ᠎ᠠ ᠶᠢ ᠲᠡᠭᠡᠭᠰᠢᠯᠡᠭᠦᠯᠭᠦ ᠵᠡᠷᠭᠡ ᠲᠠᠯ᠎ᠠ ᠪᠠᠷ ᠰᠢᠯᠢ ᠶᠢᠨ ᠭᠤᠤᠯ ᠠᠶᠢᠮᠠᠭ ᠲᠤ ᠨᠡᠩ ᠤᠯᠠᠨ ᠵᠤᠷᠢᠬᠵᠢᠭᠤᠯᠤᠯ ᠪᠠ ᠲᠠᠮᠵᠢᠯᠭᠡ ᠤᠯᠭᠤᠬᠤ ᠶᠢ ᠭᠦᠰᠡᠵᠦ ᠪᠠᠶᠢᠨ᠎ᠠ ᠭᠡᠪᠡ᠃ᠬᠠᠨᠢᠪᠠᠲ · ᠱᠠᠪᠦ᠋ᠺᠠᠢ ᠢᠯᠡᠷᠭᠡᠶᠢᠯᠡᠭᠦ ᠳᠡᠭᠡᠨ᠂ ᠰᠢᠯᠢ ᠶᠢᠨ ᠭᠤᠤᠯ ᠠᠶᠢᠮᠠᠭ ᠠᠳᠤᠭᠤ ᠮᠠᠯᠵᠢᠬᠰᠠᠨ ᠤᠷᠳᠤ ᠤᠳᠠᠭᠠᠨ ᠲᠡᠦᠭᠡ ᠲᠠᠢ᠂ ᠠᠳᠤᠭᠤᠨ ᠰᠤᠶᠤᠯ ᠨᠢ ᠡᠯᠪᠡᠭ ᠪᠠᠶᠠᠯᠢᠭ ᠤᠨᠴᠠᠯᠢᠭ ᠲᠠᠢ᠂ ᠠᠳᠤᠭᠤᠨ ᠤ ᠠᠵᠦ ᠦᠢᠯᠡᠰ ᠵᠤᠭᠢᠬᠤ ᠭᠡᠮᠵᠢᠶᠠᠨ ᠤ ᠰᠠᠭᠤᠷᠢ ᠲᠠᠢ᠂ ᠤᠳᠤ ᠦᠶ᠎ᠠ ᠶᠢᠨ ᠠᠳᠤᠭᠤᠨ ᠤ ᠠᠵᠦ ᠦᠢᠯᠡᠰ ᠤᠨ ᠢᠷᠡᠭᠡᠳᠦᠢ ᠭᠡᠭᠡᠨ ᠰᠠᠷᠠᠭᠤᠯ ᠶᠤᠮ᠂ ᠲᠤᠮᠳᠠᠳᠦ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠦᠷᠭᠦᠯᠵᠢᠯᠡᠨ ᠰᠢᠯᠢ ᠶᠢᠨ ᠭᠤᠤᠯ ᠠᠶᠢᠮᠠᠭ ᠲᠠᠢ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠦ᠂ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠠᠵᠦ ᠦᠢᠯᠡᠰ ᠢ ᠪᠤᠵᠠᠭᠠᠶᠢᠷᠠᠭᠤᠯᠤᠨ ᠰᠢᠯᠢᠳᠡᠭᠵᠢᠭᠦᠯᠭᠦ ᠳᠤ ᠭᠦᠴᠦᠨ ᠨᠡᠮᠡᠷᠢᠯᠡᠵᠦ ᠬᠠᠮᠳᠤᠪᠡᠷ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠠᠵᠦ ᠦᠢᠯᠡᠰ ᠤᠨ ᠭᠦᠭᠵᠢᠯᠳᠡ ᠲᠠᠬᠢᠨᠳᠠ ᠰᠢᠨ᠎ᠠ ᠲᠡᠭᠳᠡᠷ ᠲᠤ ᠭᠠᠷᠬᠤ ᠶᠢ ᠠᠬᠢᠭᠤᠯᠤᠨ᠎ᠠ ᠭᠡᠵᠠᠢ᠃      ᠲᠤᠮᠳᠠᠳᠦ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠲᠡᠳ᠋ ᠲᠠᠷᠤᠭ᠎ᠠ᠂ ᠦᠪᠦᠷ ᠮᠤᠩᠭᠤᠯ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠲᠠᠷᠤᠭ᠎ᠠ ᠤᠯᠠᠭᠠᠨᠪᠠᠭᠠᠳᠦᠷ᠂ ᠲᠤᠮᠳᠠᠳᠦ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠨᠠᠷᠢᠨ ᠪᠢᠴᠢᠭ ᠤᠨ ᠲᠠᠷᠤᠭ᠎ᠠ ᠶᠤᠸᠠᠢ ᠭᠤᠤ ᠹᠸᠡᠭ᠂ ᠠᠶᠢᠮᠠᠭ ᠤᠨ ᠤᠳᠤᠷᠢᠳᠤᠯᠭ᠎ᠠ ᠯᠥᠸᠧ ᠴᠢᠩ᠂ ᠪᠠᠢ ᠶᠦᠡᠭ ᠴᠦᠨ᠂ ᠰᠦᠨ ᠵᠧᠨ ᠵᠢᠶᠠᠩ ᠤᠷᠤᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号