ᠳᠤᠯᠤᠨ ᠨᠤᠤᠷ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠪ ᠪᠦᠬᠦ ᠠᠶᠢᠮᠠᠭ ᠤᠨ ᠴᠤᠷ ᠤᠨ ᠭᠠᠭᠴᠠ ︽ᠤᠯᠠᠭᠠᠨᠬᠦᠦ ᠶᠢᠨ ᠴᠢᠳᠠᠪᠤᠷᠢᠲᠠᠨ ᠬᠦᠮᠦᠵᠢᠭᠦᠯᠬᠦ ᠲᠤᠰᠠᠯᠠᠮᠵᠢ ᠶᠢᠨ ᠮᠦᠡᠭᠭᠦ︾ ᠶᠢᠨ ᠲᠤᠷᠰᠢᠯᠲᠠ ᠶᠢᠨ ᠴᠡᠭ ᠤᠨ ᠰᠤᠷᠭᠠᠭᠤᠯᠢ ᠪᠤᠯᠵᠠᠢ
ᠨᠡᠶᠢᠲᠡᠯᠡᠭᠰᠡᠨ ᠴᠠᠭ᠄
2024/10/30
     ᠳᠤᠯᠤᠨ ᠨᠤᠤᠷ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠪ ᠨᠢ ᠮᠠᠨ ᠤ ᠠᠶᠢᠮᠠᠭ ᠤᠨ ᠴᠤᠷ ᠤᠨ ᠭᠠᠭᠴᠠ ︽ᠤᠯᠠᠭᠠᠨᠬᠦᠦ ᠶᠢᠨ ᠴᠢᠳᠠᠪᠤᠷᠢᠲᠠᠨ ᠬᠦᠮᠦᠵᠢᠭᠦᠯᠬᠦ ᠲᠤᠰᠠᠯᠠᠮᠵᠢ ᠶᠢᠨ ᠮᠦᠡᠭᠭᠦ︾ ᠶᠢ ᠬᠦᠷᠳᠡᠬᠦ ᠠᠩᠬᠠᠨ ᠤ ᠪᠦᠯᠦᠭ ᠤᠨ ᠲᠤᠷᠰᠢᠯᠲᠠ ᠶᠢᠨ ᠴᠡᠭ ᠤᠨ ᠰᠤᠷᠭᠠᠭᠤᠯᠢ ᠶᠢᠨ ᠨᠢᠭᠡ ᠪᠤᠯᠵᠠᠢ᠃ ᠤᠶᠢᠷ᠎ᠠ ᠳᠤ᠂ ᠤᠯᠠᠭᠠᠨᠬᠦᠦ ᠶᠢᠨ ᠴᠢᠳᠠᠪᠤᠷᠢᠲᠠᠨ ᠬᠦᠮᠦᠵᠢᠭᠦᠯᠬᠦ ᠲᠤᠰᠠᠯᠠᠮᠵᠢ ᠶᠢᠨ ᠮᠦᠡᠭᠭᠦ  ᠶᠢᠨ ᠶᠠᠷᠢᠯᠴᠠᠬᠤ ᠬᠤᠷᠠᠯ ᠵᠢᠴᠢ ᠭᠡᠷ᠎ᠡ ᠲᠤᠭᠲᠠᠬᠤ ᠶᠤᠰᠤᠯᠠᠯ ᠨᠢ ᠬᠦᠬᠡᠬᠤᠲᠠ ᠳᠤ ᠠᠮᠵᠢᠯᠲᠠ ᠲᠠᠢ ᠶᠠᠪᠤᠭᠳᠠᠪᠠ᠃ ᠬᠤᠷᠠᠯ ᠳᠤ ᠪᠦᠬᠦ ᠤᠷᠤᠨ ᠠᠴᠠ ᠨᠡᠶᠢᠲᠡ 17 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠰᠤᠩᠭᠤᠵᠦ ︽ᠤᠯᠠᠭᠠᠨᠬᠦᠦ ᠶᠢᠨ ᠴᠢᠳᠠᠪᠤᠷᠢᠲᠠᠨ ᠬᠦᠮᠦᠵᠢᠭᠦᠯᠬᠦ ᠲᠤᠰᠠᠯᠠᠮᠵᠢ ᠶᠢᠨ ᠮᠦᠡᠭᠭᠦ︾  ᠶᠢᠨ ᠠᠩᠬᠠᠨ ᠤ ᠪᠦᠯᠦᠭ ᠤᠨ ᠲᠤᠷᠰᠢᠯᠲᠠ ᠶᠢᠨ ᠴᠡᠭ ᠪᠤᠯᠭᠠᠪᠠ᠃ ᠡᠭᠦᠨ ᠳᠤ ᠮᠠᠨ ᠤ ᠠᠶᠢᠮᠠᠭ ᠠᠴᠠ ᠳᠤᠯᠤᠨ ᠨᠤᠤᠷ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠪ ᠨᠢ ᠰᠤᠩᠭᠤᠭᠳᠠᠵᠦ᠂ ᠨᠡᠶᠢᠲᠡ 20 ᠲᠦᠮᠡᠨ ᠲᠦᠭᠦᠷᠢᠭ ᠤᠨ ᠲᠤᠰᠠᠯᠠᠮᠵᠢ ᠶᠢᠨ ᠮᠦᠡᠭᠭᠦ ᠬᠦᠷᠲᠡᠭᠡᠪᠡ᠃      ᠤᠯᠠᠭᠠᠨᠬᠦᠦ ᠶᠢᠨ ᠰᠠᠭᠤᠷᠢ ᠮᠦᠡᠭᠭᠦᠨ ᠤ ᠨᠡᠶᠢᠭᠡᠮᠯᠢᠭ ᠨᠢ ᠤᠯᠠᠭᠠᠨᠬᠦᠦ ᠨᠦᠬᠦᠷ ᠤᠨ ᠠᠯᠳᠠᠷ ᠭᠠᠪᠢᠶ᠎ᠠ  ᠶᠢ ᠰᠤᠷᠲᠠᠯᠴᠢᠯᠠᠵᠦ᠂ ᠤᠯᠠᠭᠠᠨᠬᠦᠦ ᠨᠦᠬᠦᠷ ᠤᠨ ᠤᠯᠤᠰ ᠢᠶᠠᠨ ᠬᠦᠴᠦᠷᠬᠡᠭᠵᠢᠭᠦᠯᠵᠦ ᠠᠷᠠᠳ ᠢᠶᠠᠨ ᠪᠠᠶᠠᠵᠢᠭᠤᠯᠬᠤ ᠭᠡᠷᠢᠶᠡᠰ ᠠᠴᠠ ᠪᠠᠶᠢᠭᠤᠯᠤᠭᠳᠠᠭᠰᠠᠨ ᠶᠤᠮ᠃ ᠡᠨᠡ ᠨᠢ ᠴᠦᠬᠡᠨ ᠬᠡᠳᠦᠨ ᠤᠯᠤᠰ ᠤᠨ ᠤᠳᠤᠷᠢᠳᠬᠤ ᠬᠦᠮᠦᠰ ᠤᠨ ᠨᠡᠷ᠎ᠡ ᠪᠠᠷ ᠨᠡᠷᠡᠶᠢᠳᠦᠭᠰᠡᠨ ᠢᠯᠡ ᠪᠠᠷ ᠴᠤᠭᠯᠠᠭᠤᠯᠬᠤ ᠬᠡᠯᠪᠡᠷᠢ ᠶᠢᠨ ᠰᠠᠭᠤᠷᠢ ᠮᠦᠡᠭᠭᠦᠨ ᠤ ᠨᠡᠶᠢᠭᠡᠮᠯᠢᠭ ᠤᠨ ᠨᠢᠭᠡ ᠪᠤᠯᠬᠤ ᠶᠤᠮ᠃ ᠲᠤᠰ ᠤᠳᠠᠭᠠᠨ ᠤ ︽ᠤᠯᠠᠭᠠᠨᠬᠦᠦ ᠶᠢᠨ ᠴᠢᠳᠠᠪᠤᠷᠢᠲᠠᠨ ᠬᠦᠮᠦᠵᠢᠭᠦᠯᠬᠦ ᠲᠤᠰᠠᠯᠠᠮᠵᠢ ᠶᠢᠨ ᠮᠦᠡᠭᠭᠦ︾ ᠪᠠᠷ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠡᠪᠴᠢᠶᠡᠨ ᠳᠤ ᠲᠤᠰᠠᠯᠠᠮᠵᠢ ᠤᠯᠭᠤᠬᠤ ᠨᠢ ᠮᠠᠨ ᠤ ᠤᠷᠤᠨ ᠤ ᠴᠢᠳᠠᠪᠤᠷᠢᠲᠠᠨ ᠬᠦᠮᠦᠵᠢᠭᠦᠯᠬᠦ ᠲᠦᠯᠦᠪᠯᠡᠭᠡ  ᠶᠢ ᠪᠤᠲᠠᠲᠠᠢ ᠦᠢᠯᠡ ᠠᠵᠢᠯᠯᠠᠭ᠎ᠠ ᠪᠠᠷ ᠳᠡᠮᠵᠢᠵᠦ ᠴᠢᠳᠠᠭᠰᠠᠨ ᠮᠦᠷᠲᠡᠭᠡᠨ ᠠᠵᠢᠯ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠬᠦᠨᠳᠦᠳᠬᠡᠨ ᠬᠦᠮᠦᠵᠢᠭᠦᠯᠬᠦ ᠤᠯᠤᠰ ᠤᠨ ᠲᠦᠷᠦ ᠶᠢᠨ ᠪᠤᠳᠤᠯᠭ᠎ᠠ ᠳᠤ ᠬᠥᠴᠥᠨ ᠨᠡᠮᠡᠷᠢᠯᠡᠵᠡᠢ᠃      ᠲᠤᠰ ᠤᠳᠠᠭᠠᠨ ᠤ ᠭᠡᠷ᠎ᠡ ᠲᠤᠭᠳᠠᠭᠰᠠᠨ ᠶᠠᠪᠤᠳᠠᠯ ᠨᠢ ᠳᠤᠯᠤᠨ ᠨᠤᠤᠷ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠪ ᠤᠨ ᠬᠢᠨ ᠤ ᠰᠤᠷᠤᠭᠴᠢ ᠪᠠᠨ ᠪᠦᠬᠦ ᠲᠠᠯ᠎ᠠ ᠪᠠᠷ ᠬᠦᠮᠦᠵᠢᠭᠦᠯᠬᠦ ᠳᠤ ᠮᠠᠰᠢ ᠶᠡᠭᠡ ᠲᠤᠰᠠᠯᠠᠮᠵᠢ ᠦᠵᠡᠬᠦᠯᠵᠦ᠂ ᠲᠤᠰ ᠰᠤᠷᠭᠠᠭᠤᠯᠢ ᠶᠢᠨ ᠲᠤᠰ ᠪᠡᠶ᠎ᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠥ᠂ ᠬᠤᠶᠢᠰᠢᠳᠠ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠᠨ ᠳᠡᠭᠡᠭᠰᠢᠯᠡᠬᠦᠯᠵᠦ᠂ ᠡᠬᠡ ᠤᠯᠤᠰ ᠡᠬᠡ ᠤᠷᠤᠨ ᠳᠠᠭᠠᠨ ᠨᠡᠩ ᠤᠯᠠᠨ ᠴᠢᠳᠠᠪᠤᠷᠢᠲᠠᠨ ᠬᠦᠮᠦᠵᠢᠭᠦᠯᠬᠦ ᠡᠷᠴᠢ ᠵᠤᠷᠢᠭ ᠢ ᠨᠢ ᠬᠦᠪᠴᠢᠯᠡᠵᠦ᠂ ᠬᠠᠷᠠᠯᠳᠠ ᠳᠠᠭᠠᠨ ᠬᠦᠷᠬᠦ ᠳᠤᠨᠢ ᠪᠤᠳᠠᠰ ᠤᠨ ᠰᠠᠭᠤᠷᠢ ᠶᠢ ᠲᠠᠯᠪᠢᠵᠦ ᠦᠭᠭᠦᠭᠰᠡᠨ ᠪᠠᠶᠢᠨ᠎ᠠ᠃    
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号