ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 38 ᠳ᠋ᠤᠭᠠᠷ ᠲᠣᠭᠠᠲᠤ | | | ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ | ᠬᠡᠷᠡᠭᠵᠢᠭᠦᠯᠬᠦ ᠲᠥᠰᠥᠯ ︵2024 — 2027 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2024— 2027 ᠣᠨ︶︾ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | 2024 ᠣᠨ ᠤ 9 ᠳ᠋ᠦ᠋ᠭᠡᠷ ᠰᠠᠷ᠎ᠠ ᠶᠢᠨ 12 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2024 — 2027 ᠣᠨ︶ | | | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠲᠦᠷᠦ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠬᠥᠭᠵᠢᠯᠲᠡ ᠶᠢᠨ ᠠᠵᠠ | ᠲᠣᠬᠢᠶᠠᠯ ᠢ ᠵᠠᠪᠳᠤᠨ ᠠᠳᠬᠤᠵᠤ᠂ ᠳᠣᠣᠷ᠎ᠠ ᠠᠭᠠᠷ ᠤᠨ ᠠᠵᠤ ᠠᠬᠤᠢ ᠶᠢ ᠲᠦᠷᠭᠡᠬᠡᠨ ᠪᠤᠶᠢᠵᠢᠭᠤᠯᠬᠤ ᠪᠠ ᠴᠢᠨᠠᠷ | ᠰᠠᠶᠢᠲᠠᠢ ᠬᠥᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ | ᠲᠥᠰᠥᠯ ᠢ ᠲᠣᠭᠲᠠᠭᠠᠪᠠ᠃ | ᠨᠢᠭᠡ᠂ ᠬᠥᠭᠵᠢᠯᠲᠡ ᠶᠢᠨ ᠬᠠᠷᠠᠯᠲᠠ | ᠥᠪᠥᠷ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ᠂ ᠪᠤᠳᠤᠬᠤ ᠴᠢᠳᠠᠪᠤᠷᠢ ᠶᠢᠨ ᠳᠠᠪᠠᠭᠤᠯᠢᠭ᠂ | ᠠᠭᠠᠷ ᠤᠨ ᠣᠷᠣᠨ ᠤ ᠳᠠᠪᠠᠭᠤᠯᠢᠭ ᠢ ᠪᠠᠳᠠᠷᠠᠭᠤᠯᠵᠤ᠂ ︽ᠳᠣᠣᠷ᠎ᠠ ᠠᠭᠠᠷ +︾ ᠬᠡᠷᠡᠭᠯᠡᠭᠡᠨ ᠤ ᠠᠬᠤᠢ ᠪᠠᠶᠢᠳᠠᠯ ᠢ | ᠥᠷᠭᠡᠳᠬᠡᠨ ᠪᠠᠶᠠᠯᠢᠭᠵᠢᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠳᠣᠣᠷ᠎ᠠ ᠠᠭᠠᠷ ᠤᠨ ᠨᠢᠰᠦᠭᠦᠷ ᠵᠢᠴᠢ | ᠰᠡᠯᠪᠢᠭ ᠲᠤᠨᠤᠭ ᠦᠢᠯᠡᠳᠬᠦ᠂ ᠰᠠᠭᠤᠷᠢ ᠪᠡᠯᠡᠳᠬᠡᠮᠵᠢ᠂ ᠳᠣᠣᠷ᠎ᠠ ᠠᠭᠠᠷ ᠤᠨ ᠨᠢᠰᠦᠯᠲᠡ ᠬᠢᠭᠡᠳ ᠪᠠᠲᠤᠯᠠᠭ᠎ᠠ ᠶᠢ | ᠨᠢᠭᠡ ᠴᠣᠭᠴᠠᠵᠢᠭᠤᠯᠤᠨ ᠬᠥᠭᠵᠢᠭᠦᠯᠬᠦ ᠪᠠᠷ ᠳᠠᠶᠢᠴᠢᠯᠠᠨ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢ | ᠪᠤᠶᠢᠵᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ᠃ 2027 ᠣᠨ | ᠪᠣᠯᠬᠤ ᠳᠤ᠂ ᠳᠣᠣᠷ᠎ᠠ ᠠᠭᠠᠷ ᠤᠨ ᠣᠷᠣᠨ ᠤ ᠥᠭᠡᠷᠡᠴᠢᠯᠡᠯᠲᠡ ᠠᠩᠬ᠎ᠠ ᠠᠯᠬᠤᠮ ᠦᠷ᠎ᠡ ᠪᠦᠳᠦᠮᠵᠢ ᠣᠯᠵᠤ᠂ | ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠲᠠᠯ᠎ᠠ ᠪᠠᠷ 1 — 2 ᠥᠭᠡᠷᠡᠴᠢᠯᠡᠯᠲᠡ ᠶᠢᠨ ᠲᠤᠷᠰᠢᠬᠤ | ᠴᠡᠭ ᠢ ᠪᠤᠶᠢᠵᠢᠭᠤᠯᠤᠨ᠎ᠠ᠃ ᠳᠣᠣᠷ᠎ᠠ ᠠᠭᠠᠷ ᠤᠨ ᠰᠠᠭᠤᠷᠢ ᠪᠡᠯᠡᠳᠬᠡᠮᠵᠢ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠤᠭ᠎ᠠ ᠬᠡᠮᠵᠢᠶ᠎ᠡ ᠶᠢ 33 ᠳᠤ | ᠬᠦᠷᠦᠭᠦᠯᠵᠦ᠂ ᠪᠠᠷᠢᠮᠵᠢᠶᠠᠵᠢᠭᠤᠯᠤᠭᠰᠠᠨ ᠲᠦᠷ ᠴᠠᠭ ᠤᠨ ᠨᠢᠰᠴᠦ ᠭᠠᠵᠠᠷᠳᠠᠬᠤ ᠲᠠᠯᠠᠪᠤᠷ ︵ᠴᠡᠭ︶ ᠢ 100 ᠳᠤ | ᠬᠦᠷᠦᠭᠦᠯᠵᠦ᠂ ᠳᠣᠣᠷ᠎ᠠ ᠠᠭᠠᠷ ᠤᠨ ᠨᠢᠰᠦᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢ 2 ᠠᠴᠠ | ᠳᠡᠭᠡᠭᠰᠢ ᠪᠠᠶᠢᠭᠤᠯᠤᠨ᠎ᠠ᠃ ᠬᠡᠷᠡᠭᠯᠡᠭᠡᠨ ᠤ ᠠᠬᠤᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠣᠣᠷ᠎ᠠ | ᠠᠭᠠᠷ ᠤᠨ ᠠᠵᠤ ᠠᠬᠤᠢ ᠶᠢᠨ ᠬᠡᠷᠡᠭᠯᠡᠭᠡᠨ ᠤ ᠨᠡᠶᠢᠲᠡᠯᠢᠭ ᠠᠬᠤᠢ ᠪᠠᠶᠢᠳᠠᠯ ᠢ 10 ᠣᠷᠴᠢᠮ ᠴᠣᠭᠴᠠᠯᠠᠨ᠎ᠠ᠃ | ᠳᠣᠣᠷ᠎ᠠ ᠠᠭᠠᠷ ᠤᠨ ᠦᠢᠯᠡᠳᠬᠦ ᠦᠢᠯᠡᠰ ᠲᠤ ᠰᠢᠪᠲᠤᠯᠤᠯᠲᠠ ᠭᠠᠷᠭᠠᠵᠤ᠂ ᠳᠣᠣᠷ᠎ᠠ ᠠᠭᠠᠷ ᠤᠨ ᠠᠵᠤ ᠠᠬᠤᠢ ᠶᠢᠨ | 3 – 5 ᠲᠣᠯᠣᠭᠠᠶᠢᠯᠠᠭᠴᠢ ᠠᠵᠤ ᠠᠬᠤᠶᠢᠯᠠᠯ ᠪᠠ 30 ᠰᠤᠳᠤᠯᠤᠨ ᠨᠡᠭᠡᠭᠡᠵᠦ ᠦᠢᠯᠡᠳᠬᠦ ᠠᠵᠤ ᠠᠬᠤᠶᠢᠯᠠᠯ ᠢ | ᠣᠷᠣᠭᠤᠯᠤᠨ ᠪᠤᠶᠢᠵᠢᠭᠤᠯᠤᠨ᠎ᠠ᠃ ᠠᠵᠤ ᠦᠢᠯᠡᠰ ᠤᠨ ᠪᠥᠭᠡᠮᠨᠡᠷᠡᠯ ᠤᠨ ᠨᠥᠯᠥᠭᠡᠯᠡᠯ ᠢ ᠠᠩᠬ᠎ᠠ ᠠᠯᠬᠤᠮ | ᠢᠯᠡᠷᠡᠭᠦᠯᠵᠦ᠂ ᠬᠥᠬᠡᠬᠤᠲᠠ ᠪᠤᠭᠤᠲᠤ ᠣᠷᠳᠣᠰ ᠬᠤᠲᠠ ᠶᠢᠨ ᠳᠣᠣᠷ᠎ᠠ ᠠᠭᠠᠷ ᠤᠨ ᠠᠵᠤ ᠠᠬᠤᠢ ᠶᠢᠨ | ᠬᠥᠭᠵᠢᠯᠲᠡ ᠶᠢᠨ ᠲᠣᠭᠤᠷᠢᠭ ᠢ ᠪᠤᠶᠢᠵᠢᠭᠤᠯᠤᠨ᠂ ᠭᠦᠬᠡᠬᠤᠲᠠ᠂ ᠣᠷᠳᠣᠰ ᠬᠤᠲᠠ ᠶᠢᠨ ᠳᠣᠣᠷ᠎ᠠ ᠠᠭᠠᠷ ᠤᠨ ᠠᠵᠤ | ᠠᠬᠤᠢ ᠶᠢᠨ 2 ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ ᠪᠠᠶᠢᠭᠤᠯᠵᠤ᠂ ᠪᠤᠭᠤᠲᠤ ᠶᠢᠨ ᠳᠣᠣᠷ᠎ᠠ ᠠᠭᠠᠷ ᠤᠨ | ᠦᠢᠯᠡᠳᠬᠦ᠂ ᠤᠯᠠᠭᠠᠨᠬᠠᠳᠠ ᠲᠦᠩᠯᠢᠶᠣᠣ ᠰᠢᠯᠢ ᠶᠢᠨ ᠭᠤᠣᠯ ᠤᠨ ᠳᠣᠣᠷ᠎ᠠ ᠠᠭᠠᠷ ᠤᠨ ᠬᠡᠷᠡᠭᠯᠡᠭᠡᠨ᠂ ᠤᠯᠠᠭᠠᠨᠬᠤᠲᠠ | ᠷᠠᠰᠢᠶᠠᠨ ᠬᠠᠶᠢᠯᠠᠷ ᠮᠠᠨᠵᠤᠤᠷ ᠤᠨ ᠳᠣᠣᠷ᠎ᠠ ᠠᠭᠠᠷ ᠤᠨ ᠵᠢᠭᠤᠯᠴᠢᠯᠠᠯ ᠵᠡᠷᠭᠡ 3 ᠪᠥᠭᠡᠮᠨᠡᠷᠡᠯ ᠣᠷᠣᠨ ᠢ ᠴᠣᠭᠴᠠᠯᠠᠵᠤ᠂ | ᠳᠣᠣᠷ᠎ᠠ ᠠᠭᠠᠷ ᠤᠨ ᠦᠢᠯᠡᠳᠬᠦ᠂ ᠳᠣᠣᠷ᠎ᠠ ᠠᠭᠠᠷ ᠤᠨ ᠨᠢᠰᠦᠯᠲᠡ᠂ ᠳᠣᠣᠷ᠎ᠠ ᠠᠭᠠᠷ ᠤᠨ ᠪᠠᠲᠤᠯᠠᠭ᠎ᠠ᠂ | ᠶᠡᠷᠦᠩᠬᠡᠶᠢᠯᠡᠭᠰᠡᠨ ᠦᠢᠯᠡᠴᠢᠯᠡᠭᠡᠨ ᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ | ᠪᠠᠶᠢᠷᠢᠰᠢᠯ ᠢ ᠦᠨᠳᠦᠰᠦᠨ ᠳᠤ ᠪᠠᠨ ᠪᠦᠷᠢᠯᠳᠦᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠳᠣᠣᠷ᠎ᠠ ᠠᠭᠠᠷ ᠤᠨ ᠣᠷᠣᠨ ᠤ ᠥᠭᠡᠷᠡᠴᠢᠯᠡᠯᠲᠡ ᠶᠢ ᠲᠦᠷᠭᠡᠳᠬᠡᠨ᠎ᠡ᠃ ᠳᠣᠣᠷ᠎ᠠ ᠠᠭᠠᠷ ᠤᠨ | ᠣᠷᠣᠨ ᠤ ᠡᠬᠢ ᠪᠠᠶᠠᠯᠢᠭ ᠢ ᠠᠭᠤᠳᠠᠯᠵᠤ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠺᠣᠮᠫᠠᠨᠢ ᠶᠢᠨ ᠲᠤᠭ᠎ᠠ | ᠬᠡᠮᠵᠢᠶ᠎ᠡ ᠵᠢᠴᠢ ᠰᠠᠭᠤᠷᠢᠰᠢᠯ ᠲᠠᠷᠬᠠᠯᠲᠠ ᠶᠢᠨ ᠪᠠᠶᠢᠳᠠᠯ ᠤᠨ ᠲᠣᠭᠤᠷᠢᠨ ᠳᠤ᠂ ᠠᠶᠢᠮᠠᠭ ᠬᠤᠲᠠ ᠶᠢᠨ ᠳᠣᠣᠷ᠎ᠠ | ᠠᠭᠠᠷ ᠤᠨ ᠣᠷᠣᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠳᠣᠣᠷ᠎ᠠ ᠠᠭᠠᠷ ᠤᠨ ᠨᠢᠰᠬᠦ ᠳᠤ | ᠲᠣᠬᠢᠷᠠᠮᠵᠢᠲᠠᠢ ᠣᠷᠣᠨ ᠢ ᠲᠥᠷᠥᠯ ᠠᠩᠭᠢᠯᠠᠵᠤ ᠬᠤᠪᠢᠶᠠᠷᠢᠯᠠᠨ ᠲᠣᠬᠢᠷᠠᠭᠤᠯᠤᠨ᠎ᠠ᠃ ᠨᠥᠬᠦᠴᠡᠯ ᠲᠠᠢ ᠠᠶᠢᠮᠠᠭ | ᠬᠤᠲᠠ ᠶᠢ ᠵᠣᠷᠢᠭᠵᠢᠭᠤᠯᠵᠤ ᠪᠠᠶᠢᠭᠠᠳ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠲᠠᠯ᠎ᠠ ᠪᠠᠷ | ᠥᠭᠡᠷᠡᠴᠢᠯᠡᠯᠲᠡ ᠦᠷᠨᠢᠬᠦᠯᠦᠬᠦᠯᠵᠦ᠂ ᠣᠷᠳᠣᠰ ᠬᠤᠲᠠ ᠶᠢᠨ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ | ᠲᠠᠯ᠎ᠠ ᠪᠠᠷ ᠥᠭᠡᠷᠡᠴᠢᠯᠡᠯᠲᠡ ᠶᠢᠨ ᠲᠤᠷᠰᠢᠬᠤ ᠴᠡᠭ ᠴᠣᠭᠴᠠᠯᠠᠬᠤ ᠳᠤ ᠳᠡᠮᠵᠢᠯᠭᠡ ᠦᠵᠡᠭᠦᠯᠦᠨ᠂ ᠬᠥᠯᠥᠨ ᠪᠤᠶᠢᠷ | ᠬᠤᠲᠠ᠂ ᠠᠯᠠᠱᠠ ᠠᠶᠢᠮᠠᠭ ᠲᠤ ︽ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ + ᠳᠣᠣᠷ᠎ᠠ ᠠᠭᠠᠷ ᠤᠨ ᠠᠵᠤ | ᠠᠬᠤᠢ ᠶᠢᠨ ᠬᠥᠭᠵᠢᠯᠲᠡ︾ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ | ︵ᠬᠤᠶᠠᠷ︶ ᠰᠠᠭᠤᠷᠢ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠬᠠᠮᠲᠤ ᠪᠠᠷ ᠪᠠᠶᠢᠭᠤᠯᠤᠨ᠎ᠠ᠃ ᠳᠣᠣᠷ᠎ᠠ | ᠠᠭᠠᠷ ᠤᠨ ᠨᠢᠰᠦᠭᠦᠷ ᠤᠨ ᠨᠢᠰᠴᠦ ᠭᠠᠵᠠᠷᠳᠠᠬᠤ᠂ ᠭᠠᠵᠠᠷᠳᠠᠬᠤ ᠳᠤ ᠪᠡᠯᠡᠳᠬᠡᠬᠦ᠂ ᠵᠣᠭᠰᠤᠭᠠᠬᠤ᠂ ᠡᠨᠧᠷᠭᠢ | ᠨᠥᠬᠦᠪᠦᠷᠢᠯᠡᠬᠦ ᠵᠡᠷᠭᠡ ᠴᠢᠳᠠᠮᠵᠢ ᠲᠠᠢ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠨᠢᠰᠴᠦ ᠭᠠᠵᠠᠷᠳᠠᠬᠤ | ᠲᠠᠯᠠᠪᠤᠷ ︵ᠴᠡᠭ︶ ᠢ ᠲᠦᠷᠭᠡᠬᠡᠨ ᠪᠠᠶᠢᠭᠤᠯᠵᠤ᠂ ᠳᠣᠣᠷ᠎ᠠ ᠠᠭᠠᠷ ᠤᠨ ᠨᠢᠰᠦᠭᠦᠷ ᠤᠨ ᠲᠤᠷᠰᠢᠨ ᠠᠶᠠᠯᠠᠵᠤ ᠲᠤᠷᠰᠢᠨ | ᠨᠢᠰᠬᠦ ᠰᠠᠭᠤᠷᠢᠨ ᠭᠠᠵᠠᠷ ᠢ ᠰᠦᠪᠡᠭᠴᠢᠯᠡᠨ ᠪᠤᠶᠢᠵᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ | ᠡᠮᠴᠢᠯᠡᠭᠡᠨ ᠤ ᠪᠠᠶᠢᠭᠤᠯᠤᠮᠵᠢ᠂ ᠲᠦᠷᠭᠡᠨ ᠤ ᠵᠠᠮ ᠤᠨ ᠦᠢᠯᠡᠴᠢᠯᠡᠭᠡᠨ ᠤ ᠲᠣᠭᠤᠷᠢᠭ᠂ ᠬᠦᠢᠰᠦ ᠲᠠᠯᠠᠪᠤᠷ ᠥᠷᠲᠡᠭᠡ᠂ | ᠭᠤᠣᠯᠳᠠᠯᠭ᠎ᠠ ᠲᠠᠢ ᠰᠢᠭᠤᠶᠢᠲᠤ ︵ᠮᠠᠯᠵᠢᠬᠤ︶ ᠣᠷᠣᠨ ᠵᠢᠴᠢ ᠪᠠᠶᠢᠭᠠᠯᠢ ᠶᠢᠨ ᠭᠠᠢ ᠭᠠᠮᠰᠢᠭ ᠤᠨ ᠲᠦᠭᠰᠢᠭᠦᠷᠢ | ᠶᠡᠬᠡᠲᠡᠢ ᠣᠷᠣᠨ ᠳᠤ ᠡᠭᠴᠡ ᠨᠢᠰᠬᠡᠯ ᠤᠨ ᠲᠦᠷ ᠴᠠᠭ ᠨᠢᠰᠴᠦ ᠭᠠᠵᠠᠷᠳᠠᠬᠤ ᠴᠡᠭ ᠪᠠ ᠵᠢᠯᠣᠭᠤᠴᠢ ᠦᠭᠡᠢ | ᠨᠢᠰᠬᠡᠯ ᠤᠨ ᠨᠢᠰᠴᠦ ᠭᠠᠵᠠᠷᠳᠠᠬᠤ ᠲᠠᠪᠴᠠᠩ ᠢ ᠪᠦᠲᠦᠭᠡᠨ ᠪᠠᠶᠢᠭᠤᠯᠵᠤ᠂ ᠬᠤᠳᠠᠯᠳᠤᠭᠠᠨ ᠤ ᠲᠣᠭᠤᠷᠢᠭ᠂ | ᠴᠡᠴᠡᠷᠯᠢᠭ᠂ ᠬᠡᠭᠡᠷᠡᠯᠡᠨ ᠪᠠᠭᠤᠳᠠᠯᠯᠠᠬᠤ ᠴᠡᠭ᠂ ᠲᠣᠮᠣ ᠬᠡᠯᠪᠡᠷᠢ ᠶᠢᠨ ᠨᠡᠶᠢᠭᠡᠮ ᠲᠣᠭᠤᠷᠢᠭ ᠵᠡᠷᠭᠡ ᠣᠷᠣᠨ ᠪᠦᠰᠡ ᠳᠤ | ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠳᠤ ᠵᠣᠷᠢᠭᠤᠯᠤᠭᠰᠠᠨ ᠨᠢᠰᠴᠦ | ᠭᠠᠵᠠᠷᠳᠠᠬᠤ ᠲᠠᠪᠴᠠᠩ ᠪᠦᠲᠦᠭᠡᠨ ᠪᠠᠶᠢᠭᠤᠯᠬᠤ ᠶᠢ ᠳᠡᠮᠵᠢᠵᠦ᠂ ᠪᠦᠲᠦᠭᠡᠨ ᠪᠠᠶᠢᠭᠤᠯᠤᠯᠲᠠ ᠳᠤ ᠨᠡᠶᠢᠭᠡᠮ ᠤᠨ | ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠎ᠠ᠃ | ︵ᠭᠤᠷᠪᠠ︶ ᠬᠠᠮᠵᠢᠯᠴᠠᠨ ᠪᠠᠲᠤᠯᠠᠬᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ᠪᠥᠬᠦ ᠤᠯᠤᠰ ᠤᠨ ᠨᠢᠭᠡ | ᠴᠣᠭᠴᠠᠲᠤ ᠪᠤᠳᠤᠬᠤ ᠴᠢᠳᠠᠪᠤᠷᠢ ᠶᠢᠨ ᠲᠣᠣᠷ ᠰᠦᠯᠵᠢᠶᠡᠨ ᠤ ᠤᠯᠤᠰ ︵ᠥᠪᠥᠷ ᠮᠣᠩᠭᠤᠯ︶ ᠤᠨ ᠬᠦᠢᠰᠦ | ᠵᠠᠩᠭᠢᠶᠠᠰᠤ ᠶᠢᠨ ᠪᠦᠲᠦᠭᠡᠨ ᠪᠠᠶᠢᠭᠤᠯᠤᠯᠲᠠ ᠪᠠ ᠪᠣᠬᠢᠷᠳᠤᠯ ᠦᠭᠡᠢ ᠪᠣᠳᠣᠯᠲᠠ ᠶᠢᠨ ᠡᠬᠢ ᠪᠠᠶᠠᠯᠢᠭ ᠲᠤ ᠲᠦᠰᠢᠭᠯᠡᠨ᠂ | ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠨᠢᠰᠦᠯᠲᠡ ᠶᠢᠨ ᠣᠶᠤᠨᠴᠢ ᠮᠡᠳᠡᠭᠡ ᠵᠠᠩᠭᠢ ᠶᠢᠨ ᠲᠣᠣᠷ | ᠰᠦᠯᠵᠢᠶ᠎ᠡ ᠶᠢ ᠪᠠᠶᠢᠭᠤᠯᠵᠤ᠂ ᠳᠣᠣᠷ᠎ᠠ ᠠᠭᠠᠷ ᠤᠨ ᠲᠤᠭ᠎ᠠ ᠪᠠᠷᠢᠮᠲᠠ ᠶᠢ ᠠᠦ᠋ᠲ᠋ᠣ᠋ ᠴᠤᠭᠯᠠᠭᠤᠯᠬᠤ ᠪᠠ ᠲᠡᠳᠡᠭᠡᠷ ᠲᠤ | ᠣᠶᠤᠨᠴᠢ ᠵᠠᠳᠠᠯᠤᠯᠲᠠ ᠬᠢᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ | ᠠᠬᠤᠢ ᠶᠢᠨ ᠲᠤᠭ᠎ᠠ ᠪᠠᠷᠢᠮᠲᠠ ᠶᠢᠨ ᠰᠠᠭᠤᠷᠢ ᠲᠤᠯᠭᠠᠭᠤᠷᠢᠯᠠᠯ ᠢ ᠴᠣᠭᠴᠠᠯᠠᠨ᠎ᠠ᠃ ᠥᠪᠡᠷᠲᠡᠭᠡᠨ ᠵᠠᠰᠠᠬᠤ ᠣᠷᠣᠨ ᠤ | ᠳᠣᠣᠷ᠎ᠠ ᠠᠭᠠᠷ ᠤᠨ ᠨᠢᠰᠦᠯᠲᠡ ᠶᠢᠨ ᠠᠵᠢᠯᠯᠠᠭ᠎ᠠ ᠳᠤ ᠲᠣᠬᠢᠷᠠᠬᠤ ᠲᠣᠭᠠᠵᠢᠭᠤᠯᠤᠭᠰᠠᠨ᠂ ᠣᠶᠤᠨᠴᠢᠯᠠᠭᠰᠠᠨ | ᠨᠢᠰᠦᠯᠲᠡ ᠶᠢᠨ ᠳᠦᠷᠢᠮ ᠪᠠ ᠵᠠᠭᠪᠤᠷ ᠤᠨ ᠰᠤᠳᠤᠯᠭᠠᠨ ᠢ ᠥᠷᠨᠢᠭᠦᠯᠵᠦ᠂ ᠳᠣᠣᠷ᠎ᠠ ᠠᠭᠠᠷ ᠤᠨ ᠣᠷᠣᠨ ᠤ ᠬᠠᠮ | ᠨᠢᠰᠦᠯᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠲᠠᠴᠠ ᠶᠢ ᠰᠦᠪᠡᠭᠴᠢᠯᠡᠨ᠂ ᠥᠪᠡᠷᠲᠡᠭᠡᠨ ᠵᠠᠰᠠᠬᠤ | ᠣᠷᠣᠨ ᠤ ᠳᠣᠣᠷ᠎ᠠ ᠠᠭᠠᠷ ᠤᠨ ᠣᠷᠣᠨ ᠤ ᠳ᠋ᠢᠵᠢᠲ᠋ᠠᠯ ᠵᠢᠷᠤᠭ ᠪᠠ ᠨᠢᠰᠦᠯᠲᠡ ᠶᠢᠨ ᠬᠠᠷᠠᠭᠠᠨ ᠵᠢᠷᠤᠭ ᠢ ᠨᠠᠶᠢᠷᠠᠭᠤᠯᠤᠨ | ᠵᠣᠬᠢᠶᠠᠵᠤ᠂ ᠳᠣᠣᠷ᠎ᠠ ᠠᠭᠠᠷ ᠤᠨ ᠠᠶᠠᠯᠠᠯ ᠤᠨ ᠵᠠᠮ ᠪᠠ ᠠᠶᠠᠯᠠᠯ ᠤᠨ ᠱᠤᠭᠤᠮ ᠤᠨ ᠪᠡᠶᠡᠲᠦ ᠵᠠᠮ ᠬᠠᠷᠢᠯᠴᠠᠭᠠᠨ ᠤ | ᠲᠣᠣᠷ ᠰᠦᠯᠵᠢᠶ᠎ᠡ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠨᠢᠰᠦᠯᠲᠡ ᠶᠢᠨ | ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠠᠪᠴᠠᠩ ᠢ ᠪᠠᠶᠢᠭᠤᠯᠵᠤ᠂ ᠳᠣᠣᠷ᠎ᠠ ᠠᠭᠠᠷ ᠤᠨ ᠨᠢᠰᠦᠯᠲᠡ ᠶᠢᠨ | ᠦᠢᠯᠡᠴᠢᠯᠡᠭᠡᠨ ᠢ ︽ᠨᠢᠭᠡ ᠥᠷᠲᠡᠭᠡ ᠪᠠᠷ ᠭᠦᠢᠴᠡᠳᠬᠡᠬᠦ︾ ᠶᠢ ᠪᠡᠶᠡᠯᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠤ | ᠳᠣᠣᠷ᠎ᠠ ᠠᠭᠠᠷ ᠤᠨ ᠨᠢᠰᠦᠯᠲᠡ ᠶᠢᠨ ᠤᠬᠠᠭᠠᠯᠢᠭ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ | ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ᠂ ᠳᠣᠣᠷ᠎ᠠ ᠠᠭᠠᠷ ᠤᠨ ᠬᠢᠨᠠᠨ ᠠᠵᠢᠭᠯᠠᠯᠲᠠ ᠶᠢᠨ ᠰᠡᠷᠡᠮᠵᠢᠯᠡᠬᠦᠯᠦᠯ᠂ | ᠭᠡᠨᠡᠳᠲᠡ ᠶᠢᠨ ᠬᠡᠷᠡᠭ ᠤᠨ ᠰᠢᠢᠳᠪᠦᠷᠢᠯᠡᠯᠲᠡ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠲᠤᠯᠠᠭ᠎ᠠ | ᠵᠡᠷᠭᠡ ᠶᠢ ︽ᠨᠢᠭᠡ ᠰᠦᠯᠵᠢᠶ᠎ᠡ ᠪᠠᠷ ᠨᠡᠶᠢᠳᠡᠮ ᠬᠠᠮᠢᠶᠠᠷᠬᠤ︾ ᠶᠢ ᠪᠡᠶᠡᠯᠡᠭᠦᠯᠦᠨ᠎ᠡ᠃ | ︵ᠳᠥᠷᠪᠡ︶ ᠬᠡᠷᠡᠭᠯᠡᠭᠡᠨ ᠤ ᠠᠬᠤᠢ ᠪᠠᠶᠢᠳᠠᠯ ᠢ ᠨᠡᠭᠡᠭᠡᠨ ᠠᠰᠢᠭᠯᠠᠵᠤ ᠴᠢᠯᠦᠭᠡᠲᠡᠢ ᠪᠣᠯᠭᠠᠨ᠎ᠠ᠃ ᠳᠣᠣᠷ᠎ᠠ | ᠠᠭᠠᠷ + ᠬᠡᠷᠡᠭᠯᠡᠭᠡᠨ ᠤ ᠠᠬᠤᠢ ᠪᠠᠶᠢᠳᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠡᠰᠢᠲᠦ | ᠭᠤᠣᠯ ᠴᠣᠭᠴᠠ ᠶᠢᠨ ᠣᠷᠣᠯᠴᠠᠬᠤ ᠶᠢ ᠵᠣᠷᠢᠭᠵᠢᠭᠤᠯᠤᠨ᠂ ᠳᠣᠣᠷ᠎ᠠ ᠠᠭᠠᠷ ᠤᠨ ᠠᠵᠤ ᠠᠬᠤᠢ ᠶᠢᠨ ᠠᠵᠤ | ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠡᠶᠢᠰᠢ ᠳᠠᠶᠢᠴᠢᠯᠠᠨ᠎ᠠ᠃ ᠳᠣᠣᠷ᠎ᠠ ᠠᠭᠠᠷ ᠤᠨ ᠣᠶᠤᠨᠴᠢ | ᠨᠢᠰᠦᠭᠦᠷ ᠤᠨ ᠤᠯᠤᠰ ᠤᠨ ᠨᠤᠲᠤᠭ ᠳᠡᠪᠢᠰᠬᠡᠷ᠂ ᠴᠠᠭ ᠠᠭᠤᠷ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠴᠢᠮ | ᠪᠠᠶᠢᠳᠠᠯ ᠢ ᠠᠷᠭᠠᠴᠠᠭᠠᠬᠤ᠂ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ ᠬᠤᠲᠠ ᠶᠢᠨ ᠬᠠᠮᠢᠶᠠᠷᠤᠯᠲᠠ᠂ | ᠳᠣᠲᠣᠭᠠᠳᠤ ᠶᠢ ᠬᠠᠮᠠᠭᠠᠯᠠᠬᠤ᠂ ᠬᠢᠯᠢ ᠶᠢᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠵᠢᠱᠢᠶ᠎ᠡ ᠦᠵᠡᠭᠦᠯᠬᠦ ᠬᠡᠷᠡᠭᠯᠡᠭᠡᠨ ᠢ | ᠠᠬᠢᠭᠤᠯᠤᠨ᠎ᠠ᠃ ᠲᠠᠷᠢᠶᠠᠯᠠᠩ ︵ᠤᠢ ᠰᠢᠭᠤᠢ︶᠂ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ᠂ ᠳᠣᠣᠷ᠎ᠠ | ᠠᠭᠠᠷ ᠤᠨ ᠬᠡᠷᠡᠭᠯᠡᠭᠡ ᠵᠡᠷᠭᠡ ᠬᠦᠷᠢᠶᠡᠨ ᠳᠠᠬᠢ ᠬᠡᠪᠴᠢᠶᠡᠵᠢᠭᠰᠡᠨ ᠬᠡᠷᠡᠭᠯᠡᠭᠡᠨ ᠢ ᠥᠷᠭᠡᠳᠬᠡᠨ᠎ᠡ᠃ | ︵ᠲᠠᠪᠤ︶ ᠳᠣᠣᠷ᠎ᠠ ᠠᠭᠠᠷ ᠤᠨ ᠦᠢᠯᠡᠳᠬᠦ ᠠᠵᠤ ᠦᠢᠯᠡᠰ ᠢ ᠬᠥᠭᠵᠢᠭᠦᠯᠦᠨ᠎ᠡ᠃ ᠬᠥᠬᠡᠬᠤᠲᠠ᠂ ᠪᠤᠭᠤᠲᠤ | ᠬᠤᠲᠠ᠂ ᠲᠦᠩᠯᠢᠶᠣᠣ ᠬᠤᠲᠠ᠂ ᠣᠷᠳᠣᠰ ᠬᠤᠲᠠ ᠵᠡᠷᠭᠡ ᠭᠠᠵᠠᠷ ᠣᠷᠣᠨ ᠤ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠨᠢᠭᠡ ᠪᠦᠯᠦᠭ ᠭᠤᠣᠯᠯᠠᠬᠤ ᠥᠷᠢᠰᠦᠯᠳᠦᠬᠦ ᠬᠦᠴᠦᠨ ᠪᠦᠬᠦᠢ | ᠲᠣᠯᠣᠭᠠᠶᠢᠯᠠᠭᠴᠢ ᠠᠵᠤ ᠠᠬᠤᠶᠢᠯᠠᠯ ᠢ ᠲᠥᠪᠯᠡᠷᠡᠭᠦᠯᠦᠨ ᠣᠷᠣᠭᠤᠯᠵᠤ᠂ ᠵᠢᠯᠣᠭᠤᠴᠢ ᠦᠭᠡᠢ ᠨᠢᠰᠬᠡᠯ᠂ ᠴᠠᠬᠢᠯᠭᠠᠨ | ᠬᠥᠳᠡᠯᠭᠡᠭᠦᠷᠲᠦ ᠡᠭᠴᠡ ᠴᠢᠭᠯᠡᠯ ᠤᠨ ᠨᠢᠰᠴᠦ ᠭᠠᠵᠠᠷᠳᠠᠬᠤ ᠨᠢᠰᠦᠭᠦᠷ ︵eVTOL︶᠂ ᠭᠤᠣᠯ ᠰᠡᠯᠪᠢᠭ ᠲᠣᠨᠤᠭ᠂ | ᠠᠭᠠᠷ ᠤᠨ ᠠᠶᠠᠯᠠᠯ ᠤᠨ ᠮᠠᠲ᠋ᠧᠷᠢᠶᠠᠯ ᠵᠡᠷᠭᠡ ᠳᠣᠣᠷ᠎ᠠ ᠠᠭᠠᠷ ᠤᠨ ᠦᠢᠯᠡᠳᠬᠦ ᠦᠢᠯᠡᠰ ᠢ ᠬᠥᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠦᠭᠦᠬᠡᠢ ᠮᠠᠲ᠋ᠧᠷᠢᠶᠠᠯ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠠᠵᠤ | ᠦᠢᠯᠡᠰ ᠤᠨ ᠳᠠᠪᠠᠭᠤᠯᠢᠭ ᠲᠤ ᠲᠦᠰᠢᠭᠯᠡᠨ᠂ ᠨᠡᠭᠦᠷᠡᠰᠦᠲᠥ᠋ᠷᠥᠭᠴᠢᠲᠦ ᠰᠢᠷᠬᠡᠭ᠂ ᠬᠡᠲᠦ ᠥᠨᠳᠥᠷ ᠬᠦᠴᠦᠯᠡᠴᠡᠲᠦ | ᠪᠣᠯᠣᠳ᠂ ᠮᠠᠭᠨᠢ ᠬᠥᠩᠭᠡᠨ ᠴᠠᠭᠠᠨ ᠤ ᠬᠥᠩᠭᠡᠨ ᠬᠠᠶᠢᠯᠤᠰᠢ ᠵᠡᠷᠭᠡ ᠰᠢᠨ᠎ᠡ ᠬᠡᠯᠪᠡᠷᠢ ᠶᠢᠨ ᠠᠭᠠᠷ ᠤᠨ ᠠᠶᠠᠯᠠᠯ ᠤᠨ | ᠮᠠᠲ᠋ᠧᠷᠢᠶᠠᠯ ᠵᠢᠴᠢ ᠴᠠᠬᠢᠯᠭᠠᠨ ᠮᠠᠰᠢᠨ᠂ ᠳ᠋ᠢᠶᠠᠨ ᡂᠢ᠂ ᠨᠢᠰᠦᠯᠲᠡ ᠶᠢᠨ ᠡᠵᠡᠮᠳᠡᠬᠦᠷ ᠰᠢᠰᠲ᠋ᠧᠮ ᠵᠡᠷᠭᠡ ᠰᠡᠯᠪᠢᠭ | ᠲᠣᠨᠤᠭ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠠᠵᠢᠯ ᠢ ᠥᠷᠨᠢᠭᠦᠯᠵᠦ᠂ ︽ᠲᠤᠰᠬᠠᠶᠢᠵᠢᠭᠰᠠᠨ ᠰᠣᠳᠣᠨ | ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ᠎ᠠ᠃ | ︵ᠵᠢᠷᠭᠤᠭ᠎ᠠ︶ ᠰᠢᠨ᠎ᠡ ᠡᠭᠦᠳᠦᠯᠲᠡ ᠲᠠᠢ ᠪᠠᠷ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠣᠷᠣᠨ ᠤ | ᠭᠠᠳᠠᠨᠠᠬᠢ ᠳᠣᠣᠷ᠎ᠠ ᠠᠭᠠᠷ ᠤᠨ ᠨᠢᠰᠦᠭᠦᠷ ᠤᠨ ᠰᠤᠳᠤᠯᠤᠨ ᠨᠡᠭᠡᠭᠡᠬᠦ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ | ᠠᠵᠤ ᠠᠬᠤᠶᠢᠯᠠᠯ ᠬᠢᠭᠡᠳ ᠣᠷᠣᠨ ᠤ ᠳᠣᠲᠣᠷᠠᠬᠢ ᠠᠵᠤ ᠠᠬᠤᠶᠢᠯᠠᠯ ᠬᠠᠮᠲᠤᠷᠠᠨ ᠪᠠᠶᠢᠭᠤᠯᠤᠭᠰᠠᠨ ᠰᠤᠳᠤᠯᠤᠨ | ᠨᠡᠭᠡᠭᠡᠬᠦ ᠪᠠᠶᠢᠭᠤᠯᠤᠮᠵᠢ ᠶᠢ ᠳᠡᠮᠵᠢᠵᠦ᠂ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠰᠢᠰᠲ᠋ᠧᠮᠲᠦ | ᠬᠤᠷᠠᠮᠠᠯ ᠪᠠ ᠢᠨᠵᠧᠨᠧᠷᠢᠩᠵᠢᠭᠦᠯᠬᠦ ᠬᠡᠷᠡᠭᠯᠡᠭᠡᠨ ᠢ ᠥᠷᠨᠢᠭᠦᠯᠦᠨ᠎ᠡ᠃ ᠠᠵᠤ ᠠᠬᠤᠶᠢᠯᠠᠯ ᠬᠢᠭᠡᠳ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠬᠠᠮᠲᠤᠷᠠᠯᠴᠠᠭ᠎ᠠ ᠶᠢ ᠴᠢᠩᠭᠠᠳᠬᠠᠨ | ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠣᠭᠴᠠᠵᠢᠭᠤᠯᠬᠤ ᠲᠣᠭᠲᠠᠴᠠ ᠶᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠳᠤ ᠭᠦᠨᠵᠡᠭᠡᠢ ᠣᠷᠣᠯᠴᠠᠨ᠎ᠠ᠃ ᠲᠥᠪ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠬᠥᠲᠥᠯᠥᠨ ᠵᠢᠯᠤᠭᠤᠳᠴᠤ ᠪᠠᠶᠢᠭᠠᠳ ᠬᠥᠬᠡᠬᠤᠲᠠ᠂ | ᠪᠤᠭᠤᠲᠤ ᠬᠤᠲᠠ ᠳᠤ ᠳᠣᠣᠷ᠎ᠠ ᠠᠭᠠᠷ ᠤᠨ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠨᠡᠪᠴᠢᠭᠦᠯᠦᠭᠦᠷ ᠪᠠᠶᠢᠷᠢᠯᠠᠭᠤᠯᠵᠤ᠂ ᠰᠢᠨ᠎ᠡ ᠡᠭᠦᠳᠦᠯᠲᠡ ᠲᠠᠢ ᠦᠷ᠎ᠡ ᠪᠦᠲᠦᠭᠡᠯ᠂ ᠦᠢᠯᠡᠳᠬᠦᠨ ᠪᠠ | ᠮᠡᠷᠭᠡᠵᠢᠯ ᠢ ᠨᠡᠪᠴᠢᠭᠦᠯᠬᠦ ᠪᠠ ᠰᠢᠯᠭᠠᠨ ᠭᠡᠷᠡᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠳᠤᠮᠳᠠ ᠲᠣᠮᠣ | ᠬᠡᠯᠪᠡᠷᠢ ᠶᠢᠨ ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠲᠤᠷᠰᠢᠨ ᠠᠶᠠᠯᠠᠵᠤ ᠲᠤᠷᠰᠢᠨ ᠨᠢᠰᠬᠦ ᠶᠢ ᠰᠢᠯᠭᠠᠨ | ᠲᠤᠷᠰᠢᠵᠤ ᠰᠢᠯᠭᠠᠨ ᠪᠠᠲᠤᠯᠠᠬᠤ ᠲᠤᠷᠰᠢᠯᠲᠠ ᠶᠢᠨ ᠲᠠᠰᠤᠭ᠂ ᠳᠣᠣᠷ᠎ᠠ ᠠᠭᠠᠷ ᠤᠨ ᠪᠡᠶᠡᠲᠦ ᠵᠠᠮ ᠬᠠᠷᠢᠯᠴᠠᠭᠠᠨ ᠤ | ᠲᠣᠣᠷ ᠰᠦᠯᠵᠢᠶᠡᠨ ᠤ ᠲᠤᠷᠰᠢᠯᠲᠠ ᠶᠢᠨ ᠲᠠᠰᠤᠭ ᠢ ᠰᠦᠪᠡᠭᠴᠢᠯᠡᠨ ᠪᠠᠶᠢᠭᠤᠯᠵᠤ᠂ ᠳᠣᠣᠷ᠎ᠠ ᠠᠭᠠᠷ ᠤᠨ ᠪᠡᠶᠡᠲᠦ ᠵᠠᠮ | ᠬᠠᠷᠢᠯᠴᠠᠭᠠᠨ ᠤ ᠰᠦᠯᠵᠢᠶ᠎ᠡ ᠬᠢᠭᠡᠳ ᠳᠣᠣᠷ᠎ᠠ ᠠᠭᠠᠷ ᠤᠨ ᠨᠢᠰᠦᠯᠲᠡ ᠶᠢᠨ ᠬᠠᠮᠢᠶ᠎ᠠ ᠪᠦᠬᠦᠢ ᠣᠯᠠᠨ ᠤᠯᠤᠰ᠂ ᠤᠯᠤᠰ | ᠭᠦᠷᠦᠨ᠂ ᠠᠵᠢᠯ ᠲᠥᠷᠥᠯ᠂ ᠪᠦᠯᠬᠦᠮ ᠨᠡᠶᠢᠳᠡ ᠵᠢᠴᠢ ᠣᠷᠣᠨ ᠨᠤᠲᠤᠭ ᠤᠨ ᠪᠠᠷᠢᠮᠵᠢᠶ᠎ᠠ ᠵᠢᠷᠤᠮᠵᠢᠯ ᠤᠨ | ᠰᠤᠳᠤᠯᠤᠯ ᠳᠤ ᠢᠳᠡᠪᠬᠢᠲᠡᠢ ᠣᠷᠣᠯᠴᠠᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠬᠢᠨ ᠤ ᠤᠯᠤᠰ ᠤᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ | ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ ᠣᠷᠣᠯᠴᠠᠬᠤ ᠶᠢ ᠨᠢ ᠵᠣᠷᠢᠭᠵᠢᠭᠤᠯᠤᠨ᠎ᠠ᠃ | ︵ᠲᠤᠯᠤᠭ᠎ᠠ︶ ᠠᠵᠤ ᠦᠢᠯᠡᠰ ᠤᠨ ᠪᠥᠭᠡᠮᠨᠡᠷᠡᠨ ᠵᠢᠱᠢᠶ᠎ᠡ ᠦᠵᠡᠭᠦᠯᠬᠦ ᠶᠢ ᠲᠦᠷᠭᠡᠳᠬᠡᠨ᠎ᠡ᠃ ᠬᠥᠬᠡᠬᠤᠲᠠ ᠶᠢᠨ | ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠵᠢᠯᠣᠭᠤᠴᠢ ᠦᠭᠡᠢ | ᠨᠢᠰᠬᠡᠯ ᠵᠢᠴᠢ ᠭᠤᠣᠯ ᠰᠡᠯᠪᠢᠭ ᠲᠣᠨᠤᠭ ᠦᠢᠯᠡᠳᠬᠦ ᠪᠠᠷ ᠭᠤᠣᠯᠳᠠᠯᠭ᠎ᠠ ᠪᠣᠯᠭᠠᠵᠤ᠂ ᠦᠢᠯᠡᠴᠢᠯᠡᠭᠡ᠂ ᠰᠤᠳᠤᠯᠤᠨ | ᠨᠡᠭᠡᠭᠡᠬᠦ᠂ ᠪᠣᠯᠪᠠᠰᠤᠷᠠᠯ᠂ ᠪᠠᠷᠠᠭᠠᠨ ᠤ ᠭᠦᠢᠯᠭᠡᠭᠡᠨ ᠢᠶᠠᠷ ᠣᠨᠴᠠᠯᠢᠭ ᠪᠣᠯᠭᠠᠭᠰᠠᠨ ᠳᠣᠣᠷ᠎ᠠ ᠠᠭᠠᠷ ᠤᠨ ᠠᠵᠤ | ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠷᠳᠣᠰ | ᠬᠤᠲᠠ ᠶᠢᠨ ᠲᠤᠷᠰᠢᠨ ᠨᠢᠰᠬᠦ ᠲᠤᠬᠠᠶᠢᠯᠠᠭᠰᠠᠨ ᠠᠵᠢᠯ᠂ ᠣᠶᠢᠷ᠎ᠠ ᠵᠠᠮ ᠤᠨ ᠲᠡᠭᠡᠭᠡᠪᠦᠷᠢ᠂ ᠠᠭᠠᠷ ᠤᠨ ᠠᠶᠠᠯᠠᠯ ᠤᠨ | ᠪᠣᠯᠪᠠᠰᠤᠷᠠᠯ᠂ ᠵᠢᠯᠣᠭᠤᠴᠢ ᠦᠭᠡᠢ ᠨᠢᠰᠬᠡᠯ ᠤᠨ ᠠᠵᠤ ᠦᠢᠯᠡᠰ ᠵᠡᠷᠭᠡ ᠲᠠᠯ᠎ᠠ ᠪᠠᠷ ᠬᠢ ᠠᠵᠤ ᠦᠢᠯᠡᠰ ᠤᠨ | ᠰᠠᠭᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠠᠷ ᠤᠨ ᠣᠷᠣᠨ ᠤ ᠥᠭᠡᠷᠡᠴᠢᠯᠡᠯᠲᠡ᠂ ᠵᠢᠯᠣᠭᠤᠴᠢ ᠦᠭᠡᠢ | ᠨᠢᠰᠬᠡᠯ ᠦᠢᠯᠡᠳᠬᠦ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠶᠡᠷᠦᠩᠬᠡᠶᠢᠯᠡᠭᠰᠡᠨ ᠪᠠᠲᠤᠯᠠᠭ᠎ᠠ ᠪᠠᠷ ᠭᠤᠣᠯ | ᠪᠣᠯᠭᠠᠭᠰᠠᠨ ᠳᠣᠣᠷ᠎ᠠ ᠠᠭᠠᠷ ᠤᠨ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ᠎ᠠ᠃ ᠪᠤᠭᠤᠲᠤ | ᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠪᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠳᠠᠪᠠᠭᠤᠯᠢᠭ ᠤᠨ ᠲᠣᠭᠤᠷᠢᠨ ᠳᠤ᠂ ᠳᠣᠣᠷ᠎ᠠ ᠠᠭᠠᠷ ᠤᠨ ᠨᠢᠰᠦᠭᠦᠷ ᠤᠨ ᠪᠦᠬᠦᠯᠢ ᠮᠠᠰᠢᠨ ᠵᠢᠴᠢ ᠭᠤᠣᠯ ᠰᠡᠯᠪᠢᠭ | ᠲᠣᠨᠤᠭ ᠦᠢᠯᠡᠳᠬᠦ ᠪᠠᠷ ᠭᠤᠣᠯ ᠪᠣᠯᠭᠠᠭᠰᠠᠨ ᠳᠣᠣᠷ᠎ᠠ ᠠᠭᠠᠷ ᠤᠨ ᠦᠢᠯᠡᠳᠬᠦ ᠲᠠᠯ᠎ᠠ ᠳᠤ ᠪᠥᠭᠡᠮᠨᠡᠷᠡᠯ ᠣᠷᠣᠨ ᠢ | ᠪᠤᠶᠢᠵᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠭᠤᠷᠪᠠᠨ ᠬᠤᠲᠠ ᠶᠢᠨ ᠬᠤᠯᠪᠤᠭᠠᠯᠠᠨ | ᠬᠥᠳᠡᠯᠦᠯᠴᠡᠬᠦ ᠪᠠ ᠠᠵᠤ ᠦᠢᠯᠡᠰ ᠤᠨ ᠬᠠᠮᠵᠢᠯᠴᠠᠭ᠎ᠠ ᠬᠢᠬᠦ ᠶᠢ ᠴᠢᠩᠭᠠᠳᠬᠠᠨ᠂ ᠬᠥᠬᠡᠬᠤᠲᠠ ᠪᠤᠭᠤᠲᠤ | ᠣᠷᠳᠣᠰ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠢ ᠪᠠᠶᠢᠭᠤᠯᠤᠨ᠎ᠠ᠃ | ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠤᠨ ᠠᠬᠤᠢ ᠪᠠᠶᠢᠳᠠᠯ ᠤᠨ ᠣᠯᠠᠨ | ᠡᠰᠢᠲᠦ ᠳᠠᠪᠠᠭᠤᠯᠢᠭ ᠵᠢᠴᠢ ᠵᠡᠭᠦᠨ ᠬᠡᠰᠡᠭ ᠤᠨ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ | ᠳᠠᠪᠠᠭᠤᠯᠢᠭ ᠢ ᠪᠠᠳᠠᠷᠠᠭᠤᠯᠵᠤ᠂ ᠤᠯᠠᠭᠠᠨᠬᠠᠳᠠ ᠲᠦᠩᠯᠢᠶᠣᠣ ᠰᠢᠯᠢ ᠶᠢᠨ ᠭᠤᠣᠯ ᠤᠨ ᠳᠣᠣᠷ᠎ᠠ ᠠᠭᠠᠷ ᠤᠨ ᠬᠡᠷᠡᠭᠯᠡᠭᠡᠨ | ᠪᠠ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ ᠤᠨ ᠳᠣᠣᠷ᠎ᠠ ᠠᠭᠠᠷ ᠤᠨ ᠵᠢᠭᠤᠯᠴᠢᠯᠠᠯ ᠤᠨ ᠪᠥᠭᠡᠮᠨᠡᠷᠡᠭᠰᠡᠨ | ᠣᠷᠣᠨ ᠢ ᠪᠦᠲᠦᠭᠡᠨ ᠪᠠᠶᠢᠭᠤᠯᠤᠨ᠎ᠠ᠃ ᠳᠣᠣᠷ᠎ᠠ ᠠᠭᠠᠷ ᠤᠨ ᠨᠢᠰᠦᠯᠲᠡ ᠶᠢ ᠣᠯᠠᠨ ᠬᠦᠷᠢᠶ᠎ᠡ ᠴᠠᠷᠠᠭ᠎ᠠ᠂ ᠣᠯᠠᠨ | ᠠᠵᠢᠯ ᠲᠥᠷᠥᠯ ᠲᠠᠢ ᠠᠭᠤᠰᠤᠯᠴᠠᠭᠤᠯᠬᠤ ᠪᠠᠨ ᠲᠦᠷᠭᠡᠳᠬᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠥᠪᠡᠷᠲᠡᠭᠡᠨ | ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | ︵ᠨᠠᠢᠮᠠ︶ ᠳᠣᠣᠷ᠎ᠠ ᠠᠭᠠᠷ ᠤᠨ ᠠᠵᠤ ᠠᠬᠤᠢ ᠶᠢᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ᠎ᠠ᠃ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠨᠡᠶᠢᠭᠡᠮ ᠤᠨ | ᠬᠥᠷᠥᠩᠭᠡ ᠶᠢᠨ ᠬᠢᠨ ᠤ ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢᠨ ᠪᠦᠲᠦᠭᠡᠨ | ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠬᠡᠷᠡᠭᠯᠡᠭᠡᠨ ᠤ ᠠᠬᠤᠢ ᠪᠠᠶᠢᠳᠠᠯ ᠢ ᠪᠣᠳᠠᠲᠠᠢ ᠰᠢᠯᠭᠠᠨ | ᠰᠢᠨᠵᠢᠬᠦ ᠪᠠ ᠵᠠᠬ᠎ᠠ ᠳᠡᠯᠭᠡᠭᠦᠷ ᠤᠨ ᠰᠢᠯᠭᠠᠨ ᠪᠠᠲᠤᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠰᠢᠨ᠎ᠡ ᠮᠡᠷᠭᠡᠵᠢᠯ | ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠠᠵᠢᠯ ᠢ ᠠᠬᠢᠭᠤᠯᠤᠨ᠎ᠠ᠃ ᠨᠢᠰᠦᠯᠲᠡ ᠶᠢᠨ ᠪᠣᠯᠪᠠᠰᠤᠷᠠᠯ᠂ ᠰᠡᠯᠪᠢᠨ | ᠵᠠᠰᠠᠬᠤ ᠪᠠᠲᠤᠯᠠᠭ᠎ᠠ᠂ ᠨᠢᠰᠦᠭᠦᠷ ᠢ ᠨᠠᠶᠢᠳᠠᠨ ᠬᠠᠮᠢᠶᠠᠷᠤᠭᠤᠯᠬᠤ ᠪᠠ ᠲᠦᠷᠢᠶᠡᠰᠦᠯᠡᠬᠦ ᠵᠡᠷᠭᠡ ᠳᠣᠣᠷ᠎ᠠ ᠠᠭᠠᠷ ᠤᠨ | ᠠᠵᠤ ᠠᠬᠤᠢ ᠶᠢᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠵᠤ᠂ ᠳᠣᠣᠷ᠎ᠠ ᠠᠭᠠᠷ ᠤᠨ ᠠᠵᠤ ᠠᠬᠤᠢ ᠶᠢᠨ ᠲᠣᠮᠣ | ᠳ᠋ᠠᠶᠢᠲ᠋ᠠ ᠵᠢᠴᠢ ᠬᠠᠮᠢᠶ᠎ᠠ ᠪᠦᠬᠦᠢ ᠬᠡᠷᠡᠭᠯᠡᠭᠡᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ᠠᠵᠢᠯ | ᠲᠥᠷᠥᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ ᠲᠤ ᠲᠦᠰᠢᠭᠯᠡᠨ᠂ ᠡᠯ᠎ᠡ ᠲᠥᠷᠥᠯ ᠤᠨ | ᠦᠵᠡᠰᠬᠦᠯᠡᠩ ᠦᠵᠡᠭᠦᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ᠂ ᠦᠢᠯᠡᠳᠪᠦᠷᠢᠯᠡᠬᠦ ᠵᠢᠭᠠᠬᠤ | ᠰᠤᠳᠤᠯᠬᠤ ᠬᠡᠷᠡᠭᠯᠡᠬᠦ ᠮᠡᠷᠭᠡᠵᠢᠯ ᠤᠨ ᠰᠣᠯᠢᠯᠴᠠᠭᠠᠨ ᠤ ᠠᠵᠢᠯᠯᠠᠭ᠎ᠠ ᠶᠢ ᠡᠷᠬᠢᠯᠡᠨ᠎ᠡ᠃ | ᠭᠤᠷᠪᠠ᠂ ᠳᠡᠮᠵᠢᠯᠭᠡ ᠶᠢᠨ ᠲᠥᠷᠥ ᠶᠢᠨ ᠪᠣᠳᠣᠯᠭ᠎ᠠ | ︵ᠨᠢᠭᠡ︶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠡᠯ᠎ᠡ ᠠᠶᠢᠮᠠᠭ | ᠬᠤᠲᠠ ᠶᠢᠨ ᠬᠢᠨ ᠤ ᠨᠥᠬᠦᠵᠦ ᠨᠡᠮᠡᠷᠢᠯᠡᠬᠦ ᠪᠠ ᠪᠡᠯᠡ ᠣᠷᠣᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠳᠣᠣᠷ᠎ᠠ ᠠᠭᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠵᠣᠷᠢᠭᠵᠢᠭᠤᠯᠤᠨ᠎ᠠ᠃ | ᠨᠥᠬᠦᠴᠡᠯ ᠲᠠᠢ ᠭᠠᠵᠠᠷ ᠣᠷᠣᠨ ᠳᠤ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠢᠯᠯᠠᠭᠠᠨ ᠤ | ᠪᠠᠲᠤᠯᠠᠭ᠎ᠠ ᠶᠢᠨ ᠰᠠᠭᠤᠷᠢᠨ ᠭᠠᠵᠠᠷ᠂ ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠰᠢᠯᠭᠠᠨ ᠲᠤᠷᠰᠢᠬᠤ ᠲᠠᠯᠠᠪᠤᠷ | ᠵᠢᠴᠢ eVTOL᠂ ᠡᠭᠴᠡ ᠨᠢᠰᠬᠡᠯ᠂ ᠲᠣᠮᠣ ᠳᠤᠮᠳᠠ ᠬᠡᠯᠪᠡᠷᠢ ᠶᠢᠨ ᠵᠢᠯᠣᠭᠤᠴᠢ ᠦᠭᠡᠢ ᠨᠢᠰᠬᠡᠯ ᠤᠨ ᠬᠦᠢᠰᠦ | ᠪᠣᠯᠬᠤ ᠨᠢᠰᠴᠦ ᠭᠠᠵᠠᠷᠳᠠᠬᠤ ᠲᠠᠯᠠᠪᠤᠷ ᠪᠠᠶᠢᠭᠤᠯᠬᠤ ᠶᠢ ᠳᠡᠮᠵᠢᠨ᠎ᠡ᠃ ᠨᠡᠶᠢᠭᠡᠮ ᠤᠨ ᠬᠥᠷᠥᠩᠭᠡ ᠶᠢᠨ ᠰᠢᠯᠭᠠᠨ | ᠲᠤᠷᠰᠢᠬᠤ ᠲᠠᠯᠠᠪᠤᠷ᠂ ᠨᠢᠰᠴᠦ ᠭᠠᠵᠠᠷᠳᠠᠬᠤ ᠲᠠᠯᠠᠪᠤᠷ ᠵᠡᠷᠭᠡ ᠤᠯᠠᠨ ᠨᠡᠶᠢᠳᠡ ᠶᠢᠨ ᠰᠠᠭᠤᠷᠢ ᠪᠡᠯᠡᠳᠬᠡᠮᠵᠢ ᠶᠢ ᠪᠡᠯᠡ | ᠣᠷᠣᠭᠤᠯᠵᠤ ᠪᠦᠲᠦᠭᠡᠨ ᠪᠠᠶᠢᠭᠤᠯᠬᠤ ᠪᠠ ᠡᠵᠡᠩᠨᠡᠨ ᠠᠵᠢᠯᠯᠠᠭᠤᠯᠬᠤ ᠶᠢ ᠵᠣᠷᠢᠭᠵᠢᠭᠤᠯᠤᠨ᠎ᠠ᠃ | ︵ᠬᠤᠶᠠᠷ︶ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠬᠦ ᠶᠢ ᠳᠡᠮᠵᠢᠨ᠎ᠡ᠃ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠳ ᠤᠨ ᠳᠣᠣᠷ᠎ᠠ ᠠᠭᠠᠷ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ | ᠡᠮᠴᠢᠯᠡᠭᠡ ᠪᠠᠷ ᠠᠪᠤᠷᠠᠨ ᠲᠤᠰᠠᠯᠠᠬᠤ᠂ ᠨᠡᠶᠢᠭᠡᠮ ᠤᠨ ᠵᠠᠰᠠᠯᠲᠠ ᠬᠢᠬᠦ ᠵᠡᠷᠭᠡ ᠲᠤᠰᠢᠶᠠᠯ ᠢᠶᠠᠨ ᠭᠦᠢᠴᠡᠳᠬᠡᠬᠦ | ᠲᠤᠰᠠᠯᠠᠬᠤ ᠴᠢᠨᠠᠷᠲᠠᠢ ᠦᠢᠯᠡᠴᠢᠯᠡᠭᠡ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠠᠷᠴᠠᠭ ᠲᠤ | ᠣᠷᠣᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ | ᠲᠣᠬᠢᠷᠠᠭᠤᠯᠤᠨ ᠬᠦᠷᠭᠡᠬᠦ ᠠᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠬᠢᠬᠦ ᠶᠢ ᠨᠢ ᠲᠡᠮᠵᠢᠵᠦ᠂ ᠴᠠᠬᠢᠯᠭᠠᠨ | ᠤᠲᠠᠰᠤ ᠶᠢ ᠲᠣᠭᠤᠷᠢᠨ ᠪᠠᠶᠢᠴᠠᠭᠠᠬᠤ᠂ ᠠᠭᠠᠷ ᠠᠴᠠ ᠰᠡᠭᠦᠳᠡᠷᠯᠡᠵᠦ ᠬᠡᠮᠵᠢᠨ ᠵᠢᠷᠤᠬᠤ᠂ ᠲᠠᠷᠢᠶᠠᠯᠠᠩ ᠤᠢ | ᠰᠢᠭᠤᠢ ᠶᠢᠨ ᠤᠷᠭᠤᠮᠠᠯ ᠢ ᠬᠠᠮᠠᠭᠠᠯᠠᠬᠤ᠂ ᠠᠮᠢ ᠠᠬᠤᠢ ᠶᠢ ᠬᠢᠨᠠᠨ ᠰᠢᠨᠵᠢᠬᠦ ᠵᠡᠷᠭᠡ ᠬᠦᠷᠢᠶ᠎ᠡ ᠴᠠᠷᠠᠭᠠᠨ ᠳᠠᠬᠢ | ᠬᠤᠳᠠᠯᠳᠤᠭᠠᠴᠢᠯᠠᠭᠰᠠᠨ ᠬᠡᠷᠡᠭᠯᠡᠯᠲᠡ ᠶᠢ ᠥᠷᠨᠢᠭᠦᠯᠦᠨ᠂ ᠠᠭᠠᠷ ᠤᠨ ᠵᠤᠭᠠᠴᠠᠯ᠂ ᠠᠭᠠᠷ ᠤᠨ ᠪᠡᠶ᠎ᠡ ᠶᠢᠨ ᠲᠠᠮᠢᠷ ᠵᠡᠷᠭᠡ | ᠦᠢᠯᠡᠴᠢᠯᠡᠭᠡᠨ ᠤ ᠲᠦᠷᠦᠯ ᠵᠦᠢᠯ ᠵᠢᠴᠢ ᠵᠠᠬᠢᠶᠠᠯᠠᠭ᠎ᠠ ᠶᠢᠨ ᠦᠢᠯᠡᠴᠢᠯᠡᠭᠡ ᠪᠠ ᠦᠢᠯᠡᠳᠬᠦᠨ ᠢ ᠨᠡᠭᠡᠭᠡᠨ | ᠬᠥᠭᠵᠢᠭᠦᠯᠦᠨ᠎ᠡ᠃ | ︵ᠭᠤᠷᠪᠠ︶ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠨ᠎ᠡ᠃ ᠨᠥᠬᠦᠴᠡᠯ ᠳᠤ | ᠨᠡᠶᠢᠴᠡᠬᠦ ᠳᠣᠣᠷ᠎ᠠ ᠠᠭᠠᠷ ᠤᠨ ᠠᠵᠤ ᠠᠬᠤᠢ ᠶᠢᠨ ᠠᠵᠤ ᠠᠬᠤᠶᠢᠯᠠᠯ ᠤᠳ ᠤᠨ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ᠂ ᠤᠯᠤᠰ ᠬᠢᠭᠡᠳ ᠥᠪᠡᠷᠲᠡᠭᠡᠨ ᠵᠠᠰᠠᠬᠤ ᠣᠷᠣᠨ ᠤ ᠲᠤᠰᠬᠠᠶᠢᠵᠢᠭᠰᠠᠨ ᠰᠣᠳᠣᠨ | ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠮᠰᠢᠭᠦᠯᠬᠦ ᠪᠠᠷ ᠭᠤᠶᠤᠴᠢᠯᠠᠨ ᠮᠡᠳᠡᠭᠦᠯᠬᠦ ᠶᠢ ᠨᠢ | ᠳᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠳᠣᠣᠷ᠎ᠠ ᠠᠭᠠᠷ ᠤᠨ ᠠᠵᠤ ᠠᠬᠤᠢ ᠶᠢᠨ ᠰᠢᠨ᠎ᠡ | ᠡᠭᠦᠳᠦᠯᠲᠡ ᠲᠠᠢ ᠰᠤᠳᠤᠯᠤᠨ ᠨᠡᠭᠡᠭᠡᠬᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠵᠡᠷᠭᠡ ᠳᠤ ᠬᠠᠨᠳᠤᠭᠤᠯᠤᠭᠰᠠᠨ | ᠵᠢᠭᠡᠯᠡᠯᠭᠡ ᠶᠢᠨ ᠨᠡᠷᠡᠳᠬᠦᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠳᠠᠭᠠᠳᠬᠠᠯ ᠤᠨ ᠺᠣᠮᠫᠠᠨᠢ ᠶᠢ | ᠵᠣᠷᠢᠭᠵᠢᠭᠤᠯᠵᠤ ᠪᠠᠶᠢᠭᠠᠳ ᠳᠣᠣᠷ᠎ᠠ ᠠᠭᠠᠷ ᠤᠨ ᠬᠤᠳᠠᠯᠳᠤᠭᠠᠨ ᠤ ᠬᠡᠷᠡᠭᠯᠡᠭᠡᠨ ᠤ ᠳᠠᠭᠠᠳᠬᠠᠯ ᠤᠨ ᠲᠦᠷᠦᠯ ᠵᠦᠢᠯ ᠢ | ᠨᠡᠭᠡᠭᠡᠨ ᠭᠦᠭᠵᠢᠬᠦᠯᠦᠬᠦᠯᠵᠦ᠂ ᠳᠠᠭᠠᠳᠬᠠᠯ ᠤᠨ ᠬᠠᠮᠤᠷᠬᠤ ᠬᠡᠪᠴᠢᠶ᠎ᠡ ᠪᠠ ᠬᠤᠳᠠᠯᠳᠤᠭᠠᠨ ᠤ ᠠᠬᠤᠢ ᠪᠠᠶᠢᠳᠠᠯ ᠤᠨ | ᠲᠣᠬᠢᠷᠠᠯᠴᠠᠬᠤ ᠬᠡᠮᠵᠢᠶ᠎ᠡ ᠶᠢ ᠥᠷᠭᠡᠳᠬᠡᠨ᠂ ᠲᠦᠭᠰᠢᠭᠦᠷᠢ ᠶᠢᠨ ᠬᠠᠮᠤᠷᠬᠤ ᠬᠡᠪᠴᠢᠶ᠎ᠡ ᠥᠷᠭᠡᠨ ᠳᠡᠯᠭᠡᠷ ᠪᠦᠬᠦᠢ | ᠳᠣᠣᠷ᠎ᠠ ᠠᠭᠠᠷ ᠤᠨ ᠠᠵᠤ ᠠᠬᠤᠢ ᠶᠢᠨ ᠳᠠᠭᠠᠳᠬᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ | ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠲᠠᠢ ᠬᠥᠭᠵᠢᠯᠲᠡ ᠶᠢ | ᠳᠡᠮᠵᠢᠨ᠎ᠡ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠲᠤ ᠳᠣᠣᠷ᠎ᠠ ᠠᠭᠠᠷ ᠤᠨ ᠠᠵᠤ ᠠᠬᠤᠢ ᠶᠢᠨ ᠰᠢᠨ᠎ᠡ ᠶᠢ ᠡᠭᠦᠳᠬᠦ ᠰᠤᠳᠤᠯᠤᠯ ᠤᠨ ᠪᠠᠶᠢᠭᠤᠯᠤᠮᠵᠢ | ᠪᠠᠶᠢᠭᠤᠯᠬᠤ ᠶᠢ ᠵᠣᠷᠢᠭᠵᠢᠭᠤᠯᠵᠤ᠂ ᠪᠣᠳᠠᠲᠠᠶᠢᠵᠢᠨ ᠨᠠᠶᠢᠳᠠᠪᠤᠷᠢᠵᠢᠵᠤ ᠠᠵᠢᠯᠯᠠᠭᠠᠨ ᠳᠤ ᠣᠷᠣᠭᠰᠠᠨ ᠰᠤᠳᠤᠯᠤᠨ | ᠨᠡᠭᠡᠭᠡᠬᠦ ᠠᠴᠢᠶᠠᠯᠠᠪᠤᠷᠢ ᠳᠤ ᠲᠥᠷᠥ ᠶᠢᠨ ᠪᠣᠳᠣᠯᠭ᠎ᠠ ᠶᠢᠨ ᠶᠣᠰᠣᠭᠠᠷ ᠡᠳ᠋ ᠤᠨ ᠵᠠᠰᠠᠭ ᠤᠨ ᠪᠡᠯᠡ ᠮᠥᠩᠭᠦᠨ ᠤ | ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ ᠳᠣᠣᠷ᠎ᠠ ᠠᠭᠠᠷ ᠤᠨ ᠨᠢᠰᠦᠭᠦᠷ ᠤᠨ ᠪᠦᠬᠦᠯᠢ ᠮᠠᠰᠢᠨ᠂ | ᠵᠠᠩᠭᠢᠯᠠᠭ᠎ᠠ ᠶᠢᠨ ᠰᠢᠰᠲ᠋ᠧᠮ᠂ ᠰᠡᠯᠪᠢᠭ ᠲᠣᠨᠤᠭ ᠢ ᠡᠵᠡ ᠮᠡᠳᠡᠵᠦ ᠰᠤᠳᠤᠯᠬᠤ ᠪᠤᠶᠤ ᠬᠠᠮᠲᠤᠷᠠᠨ ᠰᠤᠳᠤᠯᠬᠤ ᠠᠵᠢᠯ | ᠥᠷᠨᠢᠭᠦᠯᠬᠦ ᠶᠢ ᠨᠢ ᠳᠡᠮᠵᠢᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠢᠯ ᠤᠨ ᠬᠢᠨ ᠤ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠳᠤ ᠭᠤᠣᠯ ᠪᠣᠯᠬᠤ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠲᠡᠮᠵᠢᠨ᠎ᠡ᠃ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠲᠣᠭᠲᠠᠴᠠ ᠶᠢ ᠭᠦᠨᠵᠡᠭᠡᠶᠢᠷᠡᠭᠦᠯᠵᠦ᠂ | ᠳᠣᠣᠷ᠎ᠠ ᠠᠭᠠᠷ ᠤᠨ ᠦᠢᠯᠡᠳᠬᠡᠯ ᠤᠨ ᠬᠠᠮᠢᠶ᠎ᠠ ᠪᠦᠬᠦᠢ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ᠂ | ᠬᠥᠲᠥᠴᠢ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠵᠣᠬᠢᠶᠠᠨ ᠪᠠᠶᠢᠭᠤᠯᠵᠤ | ᠪᠠᠶᠢᠭᠠᠳ ᠵᠠᠷᠯᠠᠯ ᠬᠦᠯᠢᠶᠡᠬᠦ ᠶᠢ ᠨᠢ ᠳᠡᠮᠵᠢᠨ᠎ᠡ᠃ | ︵ᠲᠠᠪᠤ︶ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠶᠢ ᠳᠡᠮᠵᠢᠨ᠎ᠡ᠃ ᠰᠤᠷᠭᠠᠭᠤᠯᠢ ᠪᠠ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ | ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠳᠤ ᠴᠢᠳᠠᠪᠤᠷᠢᠲᠠᠨ ᠤ | ᠲᠤᠯᠭᠠᠭᠤᠷᠢᠯᠠᠯ ᠬᠠᠩᠭᠠᠨ᠎ᠠ᠃ ᠴᠢᠳᠠᠪᠤᠷᠢᠲᠠᠨ ᠢ ᠤᠶᠠᠨ ᠬᠠᠳᠠᠨ ᠴᠢᠨᠠᠷᠲᠠᠢ ᠪᠤᠶᠤ ᠴᠢᠩᠳᠠᠯᠢᠭ ᠴᠢᠨᠠᠷᠲᠠᠢ | ᠣᠷᠣᠭᠤᠯᠤᠨ ᠠᠪᠴᠢᠷᠠᠬᠤ ᠠᠷᠭ᠎ᠠ ᠬᠡᠯᠪᠡᠷᠢ ᠪᠠᠷ ᠳᠣᠣᠷ᠎ᠠ ᠠᠭᠠᠷ ᠤᠨ ᠠᠵᠤ ᠠᠬᠤᠢ ᠶᠢᠨ ᠲᠣᠯᠣᠭᠠᠶᠢᠯᠠᠭᠴᠢ ᠠᠵᠤ | ᠠᠬᠤᠶᠢᠯᠠᠯ᠂ ᠴᠡᠷᠢᠭ ᠤᠨ ᠠᠵᠤ ᠦᠢᠯᠡᠳᠪᠦᠷᠢ᠂ ᠲᠥᠪ ᠤᠨ ᠠᠵᠤ ᠠᠬᠤᠶᠢᠯᠠᠯ ᠠᠴᠠ ᠭᠠᠷᠴᠤ ᠢᠷᠡᠭᠰᠡᠨ ᠳᠡᠭᠡᠳᠦ | ᠲᠡᠰ ᠳᠠᠪᠬᠤᠷᠭ᠎ᠠ ᠶᠢᠨ ᠴᠢᠳᠠᠪᠤᠷᠢᠲᠠᠨ ᠪᠠ ᠪᠦᠯᠬᠦᠮ ᠨᠡᠶᠢᠲᠡ ᠶᠢ ᠲᠡᠳᠡᠨ ᠠᠪᠴᠢᠷᠠᠵᠤ ᠨᠤᠲᠤᠭᠰᠢᠭᠤᠯᠤᠨ᠂ | ᠦᠵᠦᠭᠦᠷᠯᠡᠭᠰᠡᠨ ᠭᠠᠷᠮᠠᠭᠠᠢ ᠴᠢᠳᠠᠪᠤᠷᠢᠲᠠᠨ ᠳᠤ ᠠᠵᠢᠯ ᠦᠢᠯᠡᠰ ᠤᠨ ᠲᠠᠪᠴᠠᠩ᠂ ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ | ᠦᠵᠡᠭᠦᠯᠵᠦ᠂ ᠨᠥᠬᠦᠴᠡᠯ ᠳᠤ ᠨᠡᠶᠢᠴᠡᠬᠦ ᠳᠣᠣᠷ᠎ᠠ ᠠᠭᠠᠷ ᠤᠨ ᠠᠵᠤ ᠠᠬᠤᠢ ᠶᠢᠨ ᠳᠡᠭᠡᠳᠦ ᠲᠡᠰ ᠤᠨ | ᠴᠢᠳᠠᠪᠤᠷᠢᠲᠠᠨ ᠤ ᠡᠯ᠎ᠡ ᠲᠦᠷᠦᠯ ᠤᠨ ᠴᠢᠳᠠᠪᠤᠷᠢᠲᠠᠨ ᠤ ᠱᠠᠩᠨᠠᠯ ᠤᠨ ᠲᠦᠷᠦᠯ ᠵᠦᠢᠯ ᠭᠤᠶᠤᠴᠢᠯᠠᠨ ᠮᠡᠳᠡᠭᠦᠯᠬᠦ ᠳᠤ | ᠳᠡᠮᠵᠢᠯᠭᠡ ᠦᠵᠡᠭᠦᠯᠦᠨ᠎ᠡ᠃ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠨᠡᠶᠢᠳᠡᠮ | ᠬᠡᠷᠡᠭᠯᠡᠭᠡᠨ ᠤ ᠠᠭᠠᠷ ᠤᠨ ᠠᠶᠠᠯᠠᠯ ᠤᠨ ᠬᠤᠳᠠᠯᠳᠤᠭᠠᠨ ᠤ ᠬᠡᠷᠡᠭᠯᠡᠭᠡᠨ ᠤ ᠨᠢᠰᠦᠯᠭᠡ ᠶᠢᠨ ᠦᠨᠡᠮᠯᠡᠯ᠂ ᠬᠤᠪᠢ ᠶᠢᠨ | ᠬᠡᠷᠡᠭᠯᠡᠭᠡᠨ ᠤ ᠵᠢᠯᠣᠭᠤᠴᠢ ᠶᠢᠨ ᠦᠨᠡᠮᠯᠡᠯ᠂ ᠲᠠᠮᠢᠷ ᠤᠨ ᠬᠥᠳᠡᠯᠭᠡᠭᠡᠨ ᠤ ᠲᠥᠷᠥᠯ ᠤᠨ ᠦᠨᠡᠮᠯᠡᠯ᠂ ᠠᠷᠠᠳ ᠤᠨ | ᠬᠡᠷᠡᠭᠯᠡᠭᠡᠨ ᠤ ᠵᠢᠯᠣᠭᠤᠴᠢ ᠦᠭᠡᠢ ᠨᠢᠰᠬᠡᠯ ᠤᠨ ᠵᠢᠯᠣᠭᠤᠴᠢ ᠶᠢᠨ ᠦᠨᠡᠮᠯᠡᠯ᠂ ᠠᠯᠤᠰ ᠡᠵᠡᠮᠰᠢᠯᠲᠦ ᠠᠭᠠᠷ ᠤᠨ ᠵᠠᠭᠪᠤᠷ | ᠨᠢᠰᠦᠭᠦᠷ ᠤᠨ ᠨᠢᠰᠬᠡᠭᠴᠢ ᠶᠢᠨ ᠦᠨᠡᠮᠯᠡᠯ ᠵᠡᠷᠭᠡ ᠪᠣᠯᠪᠠᠰᠤᠷᠠᠯ ᠥᠷᠨᠢᠭᠦᠯᠬᠦ ᠶᠢ ᠳᠡᠮᠵᠢᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠨ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠣᠷ᠎ᠠ ᠠᠭᠠᠷ ᠤᠨ | ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠴᠢᠬᠤᠯᠠ ᠶᠡᠭᠡ ᠵᠦᠢᠯᠡᠰ ᠢ | ᠵᠣᠬᠢᠴᠠᠭᠤᠯᠤᠨ ᠠᠬᠢᠭᠤᠯᠤᠨ᠎ᠠ᠃ ᠴᠡᠷᠢᠭ ᠠᠩᠭᠢ ᠣᠷᠣᠨ ᠨᠤᠲᠤᠭ ᠠᠷᠠᠳ ᠤᠯᠠᠨ ᠭᠤᠷᠪᠠᠨ ᠲᠠᠯ᠎ᠠ ᠪᠠᠷ ᠢᠶᠠᠨ | ᠬᠠᠮᠲᠤ ᠪᠠᠷ ᠣᠷᠣᠯᠴᠠᠭᠰᠠᠨ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠵᠣᠬᠢᠴᠠᠭᠤᠯᠬᠤ ᠲᠣᠭᠲᠠᠴᠠ ᠶᠢ | ᠪᠠᠶᠢᠭᠤᠯᠵᠤ᠂ ᠬᠠᠮᠢᠶ᠎ᠠ ᠪᠦᠬᠦᠢ ᠪᠠᠶᠢᠭᠤᠯᠤᠮᠵᠢ ᠶᠢᠨ ᠣᠷᠣᠨ ᠲᠣᠭᠠᠨ ᠤ ᠪᠠᠲᠤᠯᠠᠭ᠎ᠠ ᠶᠢ ᠴᠢᠩᠭᠠᠳᠬᠠᠨ᠂ ᠳᠣᠣᠷ᠎ᠠ | ᠠᠭᠠᠷ ᠤᠨ ᠣᠷᠣᠨ ᠳᠤ ᠬᠠᠮᠵᠢᠯᠴᠠᠨ ᠬᠠᠮᠢᠶᠠᠷᠤᠯᠲᠠ ᠬᠢᠬᠦ ᠪᠠᠨ ᠴᠢᠩᠭᠠᠳᠬᠠᠨ᠎ᠠ᠃ ᠥᠪᠥᠷ ᠮᠣᠩᠭᠤᠯ ᠤᠨ ᠳᠣᠣᠷ᠎ᠠ | ᠠᠭᠠᠷ ᠤᠨ ᠠᠵᠤ ᠠᠬᠤᠢ ᠶᠢᠨ ᠠᠵᠤ ᠦᠢᠯᠡᠰ ᠢ ᠠᠬᠢᠭᠤᠯᠬᠤ ᠬᠤᠷᠠᠯ ᠪᠠ ᠳᠣᠣᠷ᠎ᠠ ᠠᠭᠠᠷ ᠤᠨ ᠠᠵᠤ ᠠᠬᠤᠢ ᠶᠢᠨ | ᠰᠤᠳᠤᠯᠤᠯ ᠤᠨ ᠬᠦᠷᠢᠶᠡᠯᠡᠩ ᠢ ᠪᠡᠯᠡᠳᠬᠡᠨ ᠪᠠᠶᠢᠭᠤᠯᠵᠤ᠂ ᠠᠬᠤᠢ ᠪᠠᠶᠢᠳᠠᠯ ᠤᠨ ᠬᠡᠷᠡᠭᠯᠡᠭᠡᠨ᠂ ᠠᠵᠤ ᠦᠢᠯᠡᠰ ᠤᠨ | ᠬᠠᠮᠵᠢᠯᠴᠠᠭ᠎ᠠ᠂ ᠰᠢᠨ᠎ᠡ ᠡᠭᠦᠳᠦᠯᠲᠡ ᠲᠠᠢ ᠬᠥᠭᠵᠢᠯᠲᠡ ᠳᠤ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠪᠠ | ᠲᠤᠯᠭᠠᠭᠤᠷᠢᠯᠠᠬᠤ ᠴᠢᠳᠠᠪᠤᠷᠢ ᠬᠠᠩᠭᠠᠨ᠎ᠠ᠃ ᠳᠣᠣᠷ᠎ᠠ ᠠᠭᠠᠷ ᠤᠨ ᠣᠷᠣᠨ ᠤ ᠬᠡᠷᠡᠭᠯᠡᠭᠡᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠦᠨ᠂ | ᠦᠢᠯᠡᠳᠪᠦᠷᠢᠯᠡᠯ ᠤᠨ ᠠᠮᠤᠷ ᠲᠦᠪᠰᠢᠨ᠂ ᠮᠡᠳᠡᠭᠡ ᠵᠠᠩᠭᠢ ᠶᠢᠨ ᠠᠮᠤᠷ ᠲᠦᠪᠰᠢᠨ ᠪᠠ ᠨᠢᠰᠦᠯᠲᠡ ᠶᠢᠨ ᠠᠮᠤᠷ | ᠲᠦᠪᠰᠢᠨ ᠢ ᠰᠦᠷᠳᠡᠭᠦᠯᠬᠦ᠂ ᠣᠯᠠᠨ ᠨᠡᠶᠢᠲᠡ ᠶᠢᠨ ᠡᠮᠬᠢ ᠳᠢᠭᠯᠢᠮ ᠢ ᠰᠠᠮᠠᠭᠤᠷᠠᠭᠤᠯᠬᠤ ᠪᠤᠶᠤ ᠣᠯᠠᠨ ᠨᠡᠶᠢᠲᠡ ᠶᠢᠨ | ᠠᠮᠤᠷ ᠲᠦᠪᠰᠢᠨ ᠳᠤ ᠬᠥᠨᠥᠭᠡᠯ ᠪᠣᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠵᠠᠬᠢᠷᠤᠨ ᠬᠠᠮᠢᠶᠠᠷᠬᠤ | ᠣᠷᠣᠨ ᠪᠦᠰᠡ ᠪᠠ ᠴᠢᠬᠤᠯᠠ ᠶᠡᠭᠡ ᠠᠵᠢᠯᠯᠠᠭ᠎ᠠ ᠳᠤ ᠴᠢᠭᠯᠡᠭᠦᠯᠵᠦ ᠴᠢᠬᠤᠯᠠ ᠭᠠᠵᠠᠷ ᠣᠷᠣᠨ ᠳᠤ ᠬᠠᠨᠳᠤᠭᠤᠯᠤᠭᠰᠠᠨ | ᠷᠠᠳᠢᠣ᠋ ᠪᠠᠷ ᠬᠤᠷᠢᠭᠯᠠᠬᠤ ᠠᠷᠭ᠎ᠠ ᠪᠠᠷᠢᠯ ᠤᠨ ᠪᠠᠶᠢᠭᠤᠯᠤᠯᠲᠠ ᠥᠷᠨᠢᠭᠦᠯᠬᠦ ᠶᠢ ᠳᠡᠮᠵᠢᠵᠦ᠂ ᠠᠭᠠᠷ ᠤᠨ ᠠᠶᠠᠯᠠᠯ ᠤᠨ | ᠲᠠᠮᠢᠷ ᠤᠨ ᠬᠥᠳᠡᠯᠭᠡᠭᠡᠨ ᠤ ᠬᠠᠮᠢᠶ᠎ᠠ ᠪᠦᠬᠦᠢ ᠤᠷᠤᠯᠳᠤᠭᠠᠨ ᠤ ᠠᠵᠢᠯᠯᠠᠭ᠎ᠠ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠡᠵᠡᠩᠨᠡᠯᠲᠡ ᠶᠢᠨ ᠡᠮᠬᠢ ᠳᠢᠭᠯᠢᠮ ᠵᠢᠴᠢ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠣᠷᠴᠢᠨ | ᠨᠥᠬᠦᠴᠡᠯ ᠢ ᠵᠢᠷᠤᠮᠵᠢᠭᠤᠯᠤᠨ᠎ᠠ᠃ ᠡᠯ᠎ᠡ ᠠᠶᠢᠮᠠᠭ ᠬᠤᠲᠠ ᠨᠢ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ | ᠬᠤᠪᠢ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠪᠠ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ | ᠪᠠᠲᠤᠯᠠᠬᠤ ᠬᠡᠷᠡᠭᠲᠡᠢ᠃ | | | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ + ᠠᠬᠤᠢ | ᠪᠠᠶᠢᠳᠠᠯ ᠢ ᠳᠡᠯᠭᠡᠷᠡᠭᠦᠯᠦᠨ ᠬᠡᠷᠡᠭᠯᠡᠬᠦ ᠵᠦᠭᠯᠡᠭᠦᠷ | | | ᠳᠠᠭᠠᠯᠳᠤᠭᠤᠯᠤᠯ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ + ᠠᠬᠤᠢ ᠪᠠᠶᠢᠳᠠᠯ ᠢ ᠳᠡᠯᠭᠡᠷᠡᠭᠦᠯᠦᠨ | ᠬᠡᠷᠡᠭᠯᠡᠬᠦ ᠵᠦᠭᠯᠡᠭᠦᠷ | | | ᠳᠣᠣᠷ᠎ᠠ ᠠᠭᠠᠷ + ᠬᠡᠷᠡᠭᠯᠡᠭᠡᠨ ᠤ ᠠᠬᠤᠢ ᠪᠠᠶᠢᠳᠠᠯ ᠢ ᠲᠦᠷᠭᠡᠳᠬᠡᠨ ᠪᠤᠶᠢᠵᠢᠭᠤᠯᠵᠤ᠂ ᠳᠣᠣᠷ᠎ᠠ ᠠᠭᠠᠷ ᠤᠨ | ᠠᠵᠤ ᠠᠬᠤᠢ ᠶᠢᠨ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠵᠠᠭᠪᠤᠷ ᠢ ᠥᠪᠡᠷᠲᠡᠭᠡᠨ ᠵᠠᠰᠠᠬᠤ ᠣᠷᠣᠨ ᠳᠤ | ᠲᠤᠷᠰᠢᠨ ᠨᠢᠰᠦᠭᠦᠯᠵᠦ ᠰᠢᠯᠭᠠᠨ ᠪᠠᠲᠤᠯᠠᠬᠤ ᠪᠠ ᠬᠡᠪᠴᠢᠶᠡᠵᠢᠭᠦᠯᠬᠦ᠂ ᠵᠠᠬ᠎ᠠ ᠳᠡᠯᠭᠡᠭᠦᠷᠴᠢᠯᠡᠬᠦ᠂ ᠬᠤᠳᠠᠯᠳᠤᠭᠠᠴᠢᠯᠠᠨ | ᠬᠡᠷᠡᠭᠯᠡᠬᠦ ᠶᠢ ᠠᠬᠢᠭᠤᠯᠤᠨ᠂ ᠠᠬᠤᠢ ᠪᠠᠶᠢᠳᠠᠯ ᠤᠨ ᠬᠡᠷᠡᠭᠯᠡᠭᠡᠨ ᠢᠶᠠᠷ ᠳᠠᠮᠵᠢᠭᠤᠯᠤᠨ ᠳᠣᠣᠷ᠎ᠠ ᠠᠭᠠᠷ ᠤᠨ ᠵᠠᠬ᠎ᠠ | ᠳᠡᠯᠭᠡᠭᠦᠷ ᠢ ᠪᠤᠶᠢᠵᠢᠭᠤᠯᠤᠨ ᠪᠤᠵᠠᠭᠠᠶᠢᠷᠠᠭᠤᠯᠵᠤ᠂ ᠳᠣᠣᠷ᠎ᠠ ᠠᠭᠠᠷ ᠤᠨ ᠨᠢᠰᠦᠯᠲᠡ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠬᠥᠲᠥᠯᠥᠨ ᠬᠥᠭᠵᠢᠭᠡᠬᠦ ᠶᠢᠨ ᠲᠤᠰᠠᠳᠠ᠂ ᠲᠤᠰ ᠳᠡᠯᠭᠡᠷᠡᠭᠦᠯᠦᠨ ᠬᠡᠷᠡᠭᠯᠡᠬᠦ ᠵᠦᠭᠯᠡᠭᠦᠷ ᠢ | ᠲᠣᠭᠲᠠᠭᠠᠪᠠ᠃ | ᠨᠢᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠬᠡᠷᠡᠭᠯᠡᠭᠡᠨ ᠤ ᠠᠬᠤᠢ ᠪᠠᠶᠢᠳᠠᠯ | ᠡᠭᠦᠨ ᠳᠤ ᠭᠤᠣᠯᠳᠠᠭᠤ ᠳᠣᠣᠷ᠎ᠠ ᠠᠭᠠᠷ + ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠲᠠ᠂ | ᠬᠡᠮᠵᠢᠨ ᠵᠢᠷᠤᠭᠯᠠᠬᠤ ᠭᠠᠵᠠᠷ ᠵᠦᠢ᠂ ᠬᠤᠳᠠ ᠶᠢᠨ ᠵᠠᠰᠠᠯᠲᠠ᠂ ᠣᠷᠴᠢᠨ ᠲᠣᠭᠤᠷᠢᠨ ᠤ ᠬᠢᠨᠠᠨ ᠰᠢᠨᠵᠢᠯᠲᠡ᠂ | ᠴᠠᠭᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ᠂ ᠮᠡᠳᠡᠭᠡ ᠵᠠᠩᠭᠢ ᠴᠢᠮᠡᠭᠡ ᠬᠤᠯᠪᠣᠭ᠎ᠠ᠂ ᠴᠠᠭ ᠠᠭᠤᠷ ᠤᠨ | ᠬᠠᠶᠢᠨ ᠰᠢᠨᠵᠢᠯᠲᠡ᠂ ᠵᠠᠮ ᠤᠨ ᠶᠠᠪᠤᠳᠠᠯ ᠤᠨ ᠲᠣᠭᠤᠷᠢᠨ ᠪᠠᠶᠢᠴᠠᠭᠠᠯᠲᠠ᠂ ᠭᠤᠣᠯ ᠮᠥᠷᠡᠨ ᠨᠠᠭᠤᠷ ᠴᠥᠭᠦᠷᠥᠮ ᠤᠨ | ᠲᠣᠭᠤᠷᠢᠨ ᠪᠠᠶᠢᠴᠠᠭᠠᠯᠲᠠ᠂ ᠤᠢ ᠰᠢᠭᠤᠢ ᠶᠢᠨ ᠰᠡᠷᠭᠡᠶᠢᠯᠡᠨ ᠬᠠᠮᠠᠭᠠᠯᠠᠯᠲᠠ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ | ᠬᠠᠩᠭᠠᠬᠤ ᠴᠢᠳᠠᠪᠤᠷᠢ ᠪᠠᠭᠲᠠᠨ᠎ᠠ᠃ | ︵ᠨᠢᠭᠡ︶ ᠳᠣᠣᠷ᠎ᠠ ᠠᠭᠠᠷ + ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠲᠠ᠃ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠵᠢᠯᠣᠭᠤᠴᠢ ᠦᠭᠡᠢ ᠨᠢᠰᠬᠡᠯ ᠤᠨ ᠵᠢᠱᠢᠶ᠎ᠡ ᠦᠵᠡᠭᠦᠯᠬᠦ | ᠬᠡᠷᠡᠭᠯᠡᠭᠡᠨ ᠢ ᠳᠡᠯᠭᠡᠷᠡᠭᠦᠯᠬᠦ ᠪᠠᠨ ᠲᠦᠷᠭᠡᠳᠬᠡᠵᠦ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ | ᠠᠶᠢᠮᠠᠭ ᠲᠤ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠢ | ᠪᠦᠲᠦᠭᠡᠨ ᠪᠠᠶᠢᠭᠤᠯᠵᠤ᠂ ᠪᠠᠶᠢᠭᠠᠯᠢ ᠶᠢᠨ ᠭᠠᠢ ᠭᠠᠮᠰᠢᠭ᠂ ᠠᠶᠤᠯ ᠦᠭᠡᠢ ᠦᠢᠯᠡᠳᠪᠦᠷᠢᠯᠡᠯ ᠵᠢᠴᠢ ᠡᠮᠴᠢᠯᠡᠭᠡᠨ ᠤ | ᠠᠪᠤᠷᠠᠨ ᠵᠠᠰᠠᠯᠲᠠ᠂ ᠵᠠᠮ ᠬᠠᠷᠢᠯᠴᠠᠭᠠᠨ ᠤ ᠠᠳᠡᠯ ᠬᠡᠷᠡᠭ ᠤᠨ ᠠᠪᠤᠷᠠᠨ ᠲᠤᠰᠠᠯᠠᠯᠲᠠ ᠵᠡᠷᠭᠡ ᠪᠠᠷ ᠭᠤᠣᠯᠳᠠᠯᠭ᠎ᠠ | ᠪᠣᠯᠭᠠᠨ᠂ ︽ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ | ᠨᠢᠭᠡᠳᠪᠦᠷᠢ ᠰᠦᠯᠵᠢᠶ᠎ᠡ︾ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠠᠭᠠᠷ ᠭᠠᠵᠠᠷ ᠢ ᠨᠢᠭᠡ | ᠴᠣᠭᠴᠠᠵᠢᠭᠤᠯᠤᠭᠰᠠᠨ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠬᠠᠮᠵᠢᠯᠴᠠᠭ᠎ᠠ ᠨᠢ ᠥᠨᠳᠥᠷ ᠪᠦᠲᠦᠮᠵᠢᠲᠡᠶ | ᠴᠢᠨᠠᠷ ᠰᠠᠶᠢᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ | ︵ᠬᠤᠶᠠᠷ︶ ᠳᠣᠣᠷ᠎ᠠ ᠠᠭᠠᠷ + ᠤᠯᠤᠰ ᠤᠨ ᠭᠠᠵᠠᠷ ᠰᠢᠷᠣᠢ ᠶᠢᠨ ᠬᠡᠮᠵᠢᠨ ᠵᠢᠷᠤᠭᠯᠠᠯᠲᠠ᠃ ᠭᠠᠵᠠᠷ ᠵᠦᠢ ᠶᠢᠨ | ᠮᠡᠳᠡᠭᠡ ᠵᠠᠩᠭᠢ ᠶᠢᠨ ᠠᠵᠤ ᠦᠢᠯᠡᠰ ᠤᠨ ᠬᠦᠷᠢᠶᠡᠨ ᠳᠠᠬᠢ ᠳᠣᠣᠷ᠎ᠠ ᠠᠭᠠᠷ ᠤᠨ ᠨᠢᠰᠦᠯᠲᠡ ᠶᠢᠨ ᠲᠤᠬᠠᠶᠢᠯᠠᠭᠰᠠᠨ | ᠠᠵᠢᠯ ᠢ ᠨᠡᠭᠡᠭᠡᠨ ᠠᠰᠢᠭᠯᠠᠵᠤ ᠴᠢᠯᠦᠭᠡᠲᠡᠢ ᠪᠣᠯᠭᠠᠵᠦ᠂ ᠳᠣᠣᠷ᠎ᠠ ᠠᠭᠠᠷ ᠤᠨ ᠠᠶᠠᠯᠠᠯ ᠤᠨ ᠬᠡᠮᠵᠢᠯᠲᠡ᠂ ᠳᠣᠣᠷ᠎ᠠ | ᠠᠭᠠᠷ ᠤᠨ ᠪᠣᠳᠠᠰ ᠤᠨ ᠬᠠᠶᠢᠯᠲᠠ ᠬᠢᠭᠡᠳ ᠳᠣᠬᠢᠭᠤᠷ ᠲᠤᠯᠤᠭᠠᠨ ᠤᠳᠤᠨ ᠤ ᠵᠠᠮᠴᠢᠯᠠᠭ᠎ᠠ ᠶᠢᠨ ᠪᠠᠶᠢᠷᠢ | ᠲᠣᠭᠲᠠᠭᠠᠯᠲᠠ᠂ ᠳ᠋ᠢᠵᠢᠲ᠋ᠠᠯ ᠭᠠᠵᠠᠷ ᠤᠨ ᠵᠢᠷᠤᠭ᠂ ᠠᠯᠤᠰ ᠰᠡᠷᠡᠯ ᠵᠡᠷᠭᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠣᠲᠣ ᠦᠶ᠎ᠡ ᠶᠢᠨ ᠬᠡᠮᠵᠢᠨ ᠵᠢᠷᠤᠭᠯᠠᠬᠤ ᠰᠠᠭᠤᠷᠢ ᠪᠠᠷᠢᠮᠵᠢᠶ᠎ᠠ᠂ ᠪᠣᠳᠠᠲᠤ ᠦᠵᠡᠮᠵᠢ ᠶᠢᠨ ᠭᠤᠷᠪᠠᠨ | ᠬᠡᠮᠵᠢᠯᠲᠦ ᠳᠤᠮᠳᠠᠳᠤ ᠤᠯᠤᠰ᠂ ᠴᠠᠭ ᠪᠠ ᠣᠷᠣᠨ ᠵᠠᠢ ᠶᠢᠨ ᠲᠣᠮᠣ ᠳ᠋ᠠᠶᠢᠲ᠋ᠠ ᠶᠢᠨ ᠲᠠᠪᠴᠠᠩ ᠢᠶᠠᠷ ᠭᠤᠣᠯ ᠠᠭᠤᠯᠭ᠎ᠠ | ᠪᠣᠯᠭᠠᠭᠰᠠᠨ ︽ᠣᠭᠲᠠᠷᠭᠤᠢ ᠠᠭᠠᠷ ᠭᠠᠵᠠᠷ ᠢ ᠨᠢᠭᠡ ᠴᠣᠭᠴᠠᠵᠢᠭᠤᠯᠬᠤ︾ ᠰᠢᠨ᠎ᠡ ᠬᠡᠯᠪᠡᠷᠢ ᠶᠢᠨ ᠬᠡᠮᠵᠢᠨ | ᠵᠢᠷᠤᠭᠯᠠᠬᠤ ᠰᠠᠭᠤᠷᠢ ᠲᠣᠭᠲᠠᠯᠴᠠᠭ᠎ᠠ ᠶᠢ ᠪᠠᠶᠢᠭᠤᠯᠤᠨ᠎ᠠ᠃ | ︵ᠭᠤᠷᠪᠠ︶ ᠳᠣᠣᠷ᠎ᠠ ᠠᠭᠠᠷ + ᠠᠮᠢ ᠠᠬᠤᠢ ᠶᠢᠨ ᠬᠢᠨᠠᠨ ᠰᠢᠨᠵᠢᠯᠲᠡ᠃ ᠳᠠᠭᠠᠭᠤᠯᠢ ᠣᠳᠣᠨ ᠤ ᠡᠬᠢ | ᠪᠠᠶᠠᠯᠢᠭ᠂ ᠠᠭᠠᠷ ᠤᠨ ᠠᠶᠠᠯᠠᠯ ᠤᠨ ᠵᠢᠯᠣᠭᠤᠴᠢ ᠲᠠᠢ ᠪᠠ ᠵᠢᠯᠣᠭᠤᠴᠢ ᠦᠭᠡᠢ ᠨᠢᠰᠬᠡᠯ᠂ ᠭᠠᠵᠠᠷ ᠳᠡᠭᠡᠷᠡᠬᠢ | ᠲᠣᠭᠲᠠᠮᠠᠯ ᠪᠠ ᠰᠢᠯᠵᠢᠮᠡᠯ ᠲᠣᠭᠤᠷᠢᠨ ᠪᠠᠶᠢᠴᠠᠭᠠᠵᠤ ᠬᠢᠨᠠᠨ ᠰᠢᠨᠵᠢᠬᠦ ᠵᠡᠷᠭᠡ ᠠᠷᠭ᠎ᠠ ᠪᠠᠷᠢᠯ ᠢ ᠠᠰᠢᠭᠯᠠᠵᠤ᠂ ︽ | ᠣᠭᠲᠠᠷᠭᠤᠢ ᠠᠭᠠᠷ ᠭᠠᠵᠠᠷ ᠢ ᠨᠢᠭᠡ ᠴᠣᠭᠴᠠᠵᠢᠭᠤᠯᠬᠤ︾ ᠠᠮᠢ ᠠᠬᠤᠢ ᠶᠢᠨ ᠬᠢᠨᠠᠨ ᠰᠢᠨᠵᠢᠬᠦ ᠲᠣᠣᠷ ᠰᠦᠯᠵᠢᠶ᠎ᠡ ᠶᠢ | ᠪᠠᠶᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠠᠮᠢ ᠠᠬᠤᠢ ᠳᠤ ᠬᠢᠨᠠᠯᠲᠠ ᠲᠠᠯᠪᠢᠵᠤ ᠬᠢᠨᠠᠨ ᠰᠢᠨᠵᠢᠬᠦ | ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | ︵ᠳᠥᠷᠪᠡ︶ ᠳᠣᠣᠷ᠎ᠠ ᠠᠭᠠᠷ + ᠨᠡᠶᠢᠭᠡᠮ ᠤᠨ ᠵᠠᠰᠠᠯᠲᠠ᠃ ᠨᠡᠶᠢᠭᠡᠮ ᠤᠨ ᠵᠠᠰᠠᠯᠲᠠ ᠶᠢᠨ ᠳᠣᠣᠷ᠎ᠠ ᠠᠭᠠᠷ ᠤᠨ | ᠲᠣᠣᠷ ᠰᠦᠯᠵᠢᠶ᠎ᠡ ᠶᠢ ᠪᠦᠲᠦᠭᠡᠨ ᠪᠠᠶᠢᠭᠤᠯᠵᠤ᠂ ᠠᠮᠤᠷ ᠢ ᠬᠠᠮᠠᠭᠠᠯᠠᠬᠤ᠂ ᠭᠠᠯ ᠰᠡᠷᠭᠡᠶᠢᠯᠡᠵᠦ ᠤᠨᠲᠠᠷᠠᠭᠠᠬᠤ᠂ ᠵᠠᠮ | ᠬᠠᠷᠢᠯᠴᠠᠭ᠎ᠠ᠂ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠬᠤᠲᠠ ᠶᠢᠨ ᠬᠠᠮᠢᠶᠠᠷᠤᠯᠲᠠ᠂ ᠤᠰᠤᠨ ᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠲᠤᠬᠠᠶᠢᠯᠠᠭᠰᠠᠨ | ᠠᠵᠢᠯ ᠳᠠᠬᠢ ᠪᠥᠬᠦ ᠶᠠᠪᠤᠴᠠ ᠶᠢᠨ ᠠᠦ᠋ᠲ᠋ᠣᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠬᠡᠷᠡᠭ ᠶᠠᠪᠤᠳᠠᠯ ᠢ | ᠲᠤᠰᠠᠯᠠᠨ ᠰᠢᠢᠳᠪᠦᠷᠢᠯᠡᠵᠦ᠂ ᠴᠤᠤᠷᠢᠶᠠᠲᠤᠨ ᠳᠠᠭᠠᠬᠤ ᠬᠤᠷᠳᠤᠴᠠ ᠶᠢ ᠲᠦᠷᠭᠡᠳᠬᠡᠨ᠂ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠴᠢᠳᠠᠮᠵᠢ ᠶᠢ ᠡᠷᠴᠢᠮᠯᠡᠨ᠎ᠡ᠃ | ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠵᠡᠷᠭᠡ ᠭᠠᠵᠠᠷ ᠣᠷᠣᠨ ᠳᠤ ᠳᠣᠣᠷ᠎ᠠ ᠠᠭᠠᠷ ᠤᠨ ᠴᠠᠭᠳᠠᠭᠠᠨ ᠤ | ᠶᠠᠪᠤᠳᠠᠯ ᠤᠨ ᠲᠤᠷᠰᠢᠯᠲᠠ ᠶᠢ ᠰᠦᠪᠡᠭᠴᠢᠯᠡᠨ ᠬᠡᠷᠡᠭᠵᠢᠭᠦᠯᠦᠨ᠎ᠡ᠃ | ᠬᠤᠶᠠᠷ᠂ ᠦᠢᠯᠡᠳᠪᠦᠷᠢᠯᠡᠯ ᠤᠨ ᠠᠵᠢᠯᠯᠠᠭᠠᠨ ᠤ ᠲᠥᠷᠥᠯ ᠤᠨ ᠬᠡᠷᠡᠭᠯᠡᠭᠡᠨ ᠤ ᠠᠬᠤᠢ ᠪᠠᠶᠢᠳᠠᠯ | ᠡᠭᠦᠨ ᠳᠤ ᠭᠤᠣᠯᠳᠠᠭᠤ ᠳᠣᠣᠷ᠎ᠠ ᠠᠭᠠᠷ + ᠠᠵᠤ ᠦᠢᠯᠡᠳᠪᠦᠷᠢ ᠶᠢᠨ ᠬᠡᠷᠡᠭᠯᠡᠯᠲᠡ᠂ ᠲᠠᠷᠢᠶᠠᠯᠠᠩ ᠤᠢ | ᠰᠢᠭᠤᠢ ᠶᠢᠨ ᠠᠵᠢᠯ᠂ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ᠂ ᠡᠨᠧᠷᠭᠢ ᠶᠢᠨ ᠲᠣᠭᠤᠷᠢᠨ ᠪᠠᠶᠢᠴᠠᠭᠠᠯᠲᠠ᠂ | ᠠᠭᠤᠷᠬᠠᠢ ᠶᠢᠨ ᠭᠠᠷᠤᠯᠲᠠ ᠶᠢᠨ ᠬᠠᠶᠢᠨ ᠪᠠᠶᠢᠴᠠᠭᠠᠯᠲᠠ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠬᠠᠩᠭᠠᠬᠤ | ᠴᠢᠳᠠᠪᠤᠷᠢ ᠪᠠᠭᠲᠠᠨ᠎ᠠ᠃ | ︵ᠨᠢᠭᠡ︶ ᠳᠣᠣᠷ᠎ᠠ ᠠᠭᠠᠷ + ᠠᠵᠤ ᠦᠢᠯᠡᠳᠪᠦᠷᠢ ᠶᠢᠨ ᠬᠡᠷᠡᠭᠯᠡᠭᠡᠨ᠃ ᠠᠭᠤᠷᠬᠠᠢ ᠶᠢᠨ ᠭᠠᠷᠤᠯᠲᠠ ᠶᠢ ᠬᠠᠶᠢᠨ | ᠰᠢᠨᠵᠢᠬᠦ᠂ ᠡᠨᠧᠷᠭᠢ ᠶᠢ ᠨᠡᠭᠡᠭᠡᠨ ᠠᠰᠢᠭᠯᠠᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠬᠦᠷᠢᠶ᠎ᠡ ᠴᠠᠷᠠᠭᠠᠨ ᠤ | ᠲᠣᠭᠤᠷᠢᠨ ᠳᠤ᠂ ᠳᠣᠣᠷ᠎ᠠ ᠠᠭᠠᠷ ᠤᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ ᠳᠣᠣᠷ᠎ᠠ ᠠᠭᠠᠷ + ᠡᠨᠧᠷᠭᠢ᠂ | ᠳᠣᠣᠷ᠎ᠠ ᠠᠭᠠᠷ + ᠠᠵᠤ ᠦᠢᠯᠡᠳᠪᠦᠷᠢ᠂ ᠳᠣᠣᠷ᠎ᠠ ᠠᠭᠠᠷ + ᠠᠶᠤᠯ ᠦᠭᠡᠢ ᠵᠡᠷᠭᠡ ᠠᠬᠤᠢ ᠪᠠᠶᠢᠳᠠᠯ ᠢ ᠪᠤᠶ | ᠪᠣᠯᠭᠠᠨ᠎ᠠ᠃ ᠴᠠᠬᠢᠯᠭᠠᠨ ᠤᠲᠠᠰᠤᠨ ᠤ ᠲᠣᠭᠤᠷᠢᠨ ᠪᠠᠶᠢᠴᠠᠭᠠᠯᠲᠠ᠂ ᠰᠠᠯᠬᠢ ᠨᠡᠪᠲᠡᠷᠡᠭᠦᠯᠬᠦ ᠮᠠᠰᠢᠨ ᠤ ᠳᠡᠯᠪᠢ ᠪᠠ | ᠭᠡᠷᠡᠯᠴᠢ ᠴᠡᠨᠡᠭ ᠤᠨ ᠬᠠᠪᠲᠠᠰᠤᠨ ᠤ ᠠᠷᠢᠭᠤᠨ ᠴᠡᠪᠡᠷ ᠵᠢᠴᠢ ᠭᠡᠮᠲᠦᠯ ᠤᠨ ᠬᠡᠮ ᠰᠣᠭᠤᠭ ᠤᠨ ᠵᠢᠭᠰᠠᠭᠠᠨ | ᠪᠠᠶᠢᠴᠠᠭᠠᠯᠲᠠ ᠵᠡᠷᠭᠡ ᠵᠢᠯᠣᠭᠤᠴᠢ ᠦᠭᠡᠢ ᠨᠢᠰᠬᠡᠯ ᠤᠨ ᠬᠡᠷᠡᠭᠯᠡᠭᠡᠨ ᠤ ᠠᠬᠤᠢ ᠪᠠᠶᠢᠳᠠᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠳᠤ ᠬᠦᠴᠦᠨ | ᠨᠡᠮᠡᠷᠢᠯᠡᠨ᠎ᠡ᠃ | ︵ᠬᠤᠶᠠᠷ︶ ᠳᠣᠣᠷ᠎ᠠ ᠠᠭᠠᠷ + ᠲᠠᠷᠢᠶᠠᠯᠠᠩ ᠤᠢ ᠰᠢᠭᠤᠢ ᠶᠢᠨ ᠠᠵᠢᠯ᠃ ᠬᠢᠩᠭᠠᠨ ᠠᠶᠢᠮᠠᠭ᠂ ᠲᠦᠩᠯᠢᠶᠣᠣ | ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠵᠡᠷᠭᠡ ᠲᠠᠷᠢᠶᠠᠯᠠᠩ ᠤᠨ ᠭᠤᠣᠯ ᠭᠠᠷᠤᠯᠲᠠ ᠶᠢᠨ ᠣᠷᠣᠨ ᠳᠤ | ᠤᠷᠭᠤᠮᠠᠯ ᠤᠨ ᠬᠠᠮᠠᠭᠠᠯᠠᠯᠲᠠ ᠳᠤ ᠵᠣᠷᠢᠭᠤᠯᠤᠭᠰᠠᠨ ᠵᠢᠯᠣᠭᠤᠴᠢ ᠦᠭᠡᠢ ᠨᠢᠰᠬᠡᠯ ᠤᠨ ᠵᠢᠷᠤᠮᠵᠢᠭᠰᠠᠨ ᠬᠡᠷᠡᠭᠯᠡᠭᠡᠨ ᠪᠠ | ᠴᠢᠨᠠᠷ ᠰᠠᠶᠢᠲᠠᠢ ᠠᠵᠢᠯ ᠤᠨ ᠵᠢᠱᠢᠶ᠎ᠡ ᠦᠵᠡᠭᠦᠯᠬᠦ ᠲᠤᠷᠰᠢᠯᠭ᠎ᠠ ᠶᠢ ᠳᠡᠯᠭᠡᠷᠡᠭᠦᠯᠦᠨ᠎ᠡ᠃ ᠬᠥᠯᠥᠨ ᠪᠤᠶᠢᠷ ᠬᠤᠲᠠ᠂ | ᠰᠢᠯᠢ ᠶᠢᠨ ᠭᠤᠣᠯ ᠠᠶᠢᠮᠠᠭ᠂ ᠠᠯᠠᠱᠠ ᠠᠶᠢᠮᠠᠭ ᠪᠠ ᠪᠤᠰᠤᠳ ᠠᠶᠢᠮᠠᠭ ᠬᠤᠲᠠ ᠶᠢᠨ ᠮᠠᠯᠵᠢᠬᠤ ᠬᠤᠰᠢᠭᠤ | ᠰᠢᠶᠠᠨ ᠳᠤ ᠵᠢᠯᠣᠭᠤᠴᠢ ᠦᠭᠡᠢ ᠨᠢᠰᠬᠡᠯ ᠢᠶᠠᠷ ᠮᠠᠯ ᠬᠠᠷᠢᠭᠤᠯᠬᠤ ᠶᠢ ᠳᠡᠯᠭᠡᠷᠡᠭᠦᠯᠦᠨ᠎ᠡ᠃ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠶᠠᠪᠤᠴᠠ ᠳᠠᠬᠢ ᠠᠭᠠᠷ ᠤᠨ ᠠᠶᠠᠯᠠᠯ ᠢᠶᠠᠷ ᠤᠢ | ᠰᠢᠭᠤᠢ ᠶᠢ ᠬᠠᠮᠠᠭᠠᠯᠠᠬᠤ ᠬᠡᠷᠡᠭᠯᠡᠭᠡᠨ ᠢ ᠴᠢᠩᠭᠠᠳᠬᠠᠵᠤ᠂ ᠤᠯᠠᠭᠠᠨᠴᠠᠪ ᠬᠤᠲᠠ᠂ ᠠᠯᠠᠱᠠ ᠠᠶᠢᠮᠠᠭ ᠤᠨ ᠠᠭᠠᠷ ᠤᠨ | ᠠᠶᠠᠯᠠᠯ ᠤᠨ ᠣᠶ ᠰᠢᠭᠤᠢ ᠬᠠᠮᠠᠭᠠᠯᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠢᠰᠬᠦ ᠶᠢ | ᠴᠠᠭᠠᠵᠠᠯᠠᠬᠤ ᠣᠷᠣᠨ ᠠᠴᠠ ᠭᠠᠳᠠᠨᠠᠬᠢ ᠣᠷᠣᠨ ᠪᠦᠰᠡ ᠳᠤ ᠵᠢᠯᠣᠭᠤᠴᠢ ᠦᠭᠡᠢ ᠨᠢᠰᠬᠡᠯ ᠢᠶᠠᠷ ᠣᠶ ᠰᠢᠭᠤᠢ ᠶᠢ | ᠬᠠᠮᠠᠭᠠᠯᠠᠬᠤ ᠠᠵᠢᠯ᠂ ᠲᠠᠷᠢᠵᠦ ᠣᠶᠢᠵᠢᠭᠤᠯᠤᠭᠰᠠᠨ ᠤᠢ ᠶᠢ ᠬᠠᠷᠭᠤᠭᠤᠯᠤᠨ ᠪᠠᠶᠢᠴᠠᠭᠠᠬᠤ ᠵᠢᠴᠢ ᠣᠶ ᠰᠢᠭᠤᠢ ᠶᠢᠨ | ᠬᠠᠤᠯᠢ ᠬᠡᠷᠡᠭᠵᠢᠭᠦᠯᠬᠦ ᠵᠡᠷᠭᠡ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ ᠵᠢᠯᠣᠭᠤᠴᠢ ᠦᠭᠡᠢ ᠨᠢᠰᠬᠡᠯ ᠬᠡᠷᠡᠭᠯᠡᠵᠦ | ᠬᠥᠮᠥᠨ ᠤ ᠬᠦᠴᠦ ᠪᠠᠷ ᠬᠤᠷ᠎ᠠ ᠪᠣᠷᠣᠭᠠᠨ ᠨᠡᠮᠡᠭᠳᠡᠭᠦᠯᠬᠦ ᠬᠡᠷᠡᠭᠯᠡᠭᠡᠨ ᠢ ᠥᠷᠨᠢᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠ ᠣᠶ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠦᠢᠯᠡᠴᠢᠯᠡᠭᠦᠯᠦᠨ᠎ᠡ᠃ | ︵ᠭᠤᠷᠪᠠ︶ ᠳᠣᠣᠷ᠎ᠠ ᠠᠭᠠᠷ + ᠣᠶᠤᠨᠯᠢᠭ ᠪᠠᠷᠠᠭᠠᠨ ᠤ ᠭᠦᠢᠯᠭᠡᠭᠡ᠃ ᠣᠶᠤᠨᠯᠢᠭ ᠪᠠᠷᠠᠭᠠᠨ ᠤ ᠭᠦᠢᠯᠭᠡᠭᠡᠨ ᠤ | ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠥᠬᠡᠬᠤᠲᠠ ᠪᠤᠭᠤᠲᠤ ᠣᠷᠳᠣᠰ ᠤᠨ ᠭᠠᠵᠠᠷ ᠣᠷᠣᠨ ᠳᠤ ᠵᠢᠯᠣᠭᠤᠴᠢ | ᠦᠭᠡᠢ ᠨᠢᠰᠬᠡᠯ ᠤᠨ ᠬᠤᠲᠠ ᠶᠢᠨ ᠬᠤᠭᠤᠷᠣᠨᠳᠣᠬᠢ ᠲᠡᠭᠡᠭᠡᠪᠦᠷᠢ ᠵᠢᠴᠢ ᠲᠡᠭᠦᠰᠬᠡᠯ ᠦᠵᠦᠭᠦᠷ ᠤᠨ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠤᠷᠰᠢᠯᠲᠠ ᠶᠢᠨ ᠴᠡᠭ ᠢ ᠰᠢᠯᠭᠠᠨ ᠪᠠᠲᠤᠯᠠᠬᠤ ᠪᠠ ᠳᠡᠯᠭᠡᠷᠡᠭᠦᠯᠦᠨ ᠵᠢᠱᠢᠶ᠎ᠡ | ᠦᠵᠡᠭᠦᠯᠬᠦ ᠠᠵᠢᠯᠯᠠᠭ᠎ᠠ ᠶᠢ ᠤᠷᠢᠳ ᠢᠶᠠᠷ ᠥᠷᠨᠢᠭᠦᠯᠵᠦ᠂ ᠵᠢᠯᠣᠭᠤᠴᠢ ᠦᠭᠡᠢ ᠨᠢᠰᠬᠡᠯ ᠢᠶᠠᠷ ᠲᠣᠬᠢᠷᠠᠭᠤᠯᠤᠨ ᠬᠦᠷᠭᠡᠬᠦ | ᠲᠣᠣᠷ ᠰᠦᠯᠵᠢᠶ᠎ᠡ ᠶᠢ ᠪᠦᠲᠦᠭᠡᠨ ᠪᠠᠶᠢᠭᠤᠯᠵᠤ᠂ ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠠᠶᠠᠯᠠᠯ ᠤᠨ ᠵᠠᠮ ᠱᠤᠭᠤᠮ ᠢ ᠨᠡᠪᠲᠡᠷᠡᠭᠦᠯᠦᠨ᠎ᠡ᠃ ᠰᠢᠭᠤᠶᠢᠲᠤ ︵ᠮᠠᠯᠵᠢᠬᠤ︶ ᠣᠷᠣᠨ ᠪᠠ | ᠡᠯᠡᠰᠦᠨ ᠴᠦᠯ ᠭᠤᠪᠢ ᠴᠥᠯᠡᠷᠬᠡᠭ ᠣᠷᠣᠨ ᠵᠡᠷᠭᠡ ᠵᠠᠮ ᠨᠡᠪᠲᠡᠷᠡᠭᠦᠯᠭᠡ ᠨᠢ ᠳᠥᠭᠦᠮ ᠦᠭᠡᠢ ᠭᠠᠵᠠᠷ ᠣᠷᠣᠨ ᠳᠤ | ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠲᠡᠭᠡᠭᠡᠪᠦᠷᠢ ᠶᠢᠨ ᠠᠶᠠᠯᠠᠯ ᠤᠨ ᠵᠠᠮ ᠱᠤᠭᠤᠮ ᠢ ᠲᠥᠯᠥᠪᠵᠢᠭᠦᠯᠦᠨ | ᠨᠠᠪᠲᠠᠷᠡᠭᠦᠯᠵᠦ᠂ B2B᠂ B2C ᠳᠣᠣᠷ᠎ᠠ ᠠᠭᠠᠷ ᠤᠨ ᠣᠶᠢᠷ᠎ᠠ ᠵᠠᠮ ᠤᠨ ᠲᠡᠭᠡᠭᠡᠪᠦᠷᠢ ᠶᠢᠨ ᠲᠤᠬᠠᠶᠢᠯᠠᠭᠰᠠᠨ | ᠠᠵᠢᠯ ᠢ ᠲᠤᠷᠰᠢᠨ ᠠᠬᠢᠭᠤᠯᠤᠨ᠎ᠠ᠃ | ᠭᠤᠷᠪᠠ᠂ ᠬᠡᠷᠡᠭᠯᠡᠭᠡ ᠦᠢᠯᠡᠴᠢᠯᠡᠭᠡᠨ ᠤ ᠲᠥᠷᠥᠯ ᠤᠨ ᠬᠡᠷᠡᠭᠯᠡᠭᠡᠨ ᠤ ᠠᠬᠤᠢ ᠪᠠᠶᠢᠳᠠᠯ | ᠡᠭᠦᠨ ᠳᠤ ᠭᠤᠣᠯᠳᠠᠭᠤ ᠳᠣᠣᠷ᠎ᠠ ᠠᠭᠠᠷ + ᠰᠣᠶᠣᠯ ᠵᠢᠭᠤᠯᠴᠢᠯᠠᠯ᠂ ᠣᠶᠢᠷ᠎ᠠ ᠵᠠᠮ ᠤᠨ ᠠᠶᠠᠨᠴᠢᠳ ᠤᠨ | ᠵᠥᠭᠡᠭᠡᠪᠦᠷᠢ᠂ ᠨᠢᠰᠦᠯᠲᠡ ᠶᠢᠨ ᠪᠣᠯᠪᠠᠰᠤᠷᠠᠯ᠂ ᠨᠢᠰᠦᠯᠲᠡ ᠶᠢᠨ ᠤᠷᠤᠯᠳᠤᠭᠠᠨ ᠤ ᠠᠵᠢᠯᠯᠠᠭ᠎ᠠ᠂ ᠠᠭᠠᠷ ᠤᠨ | ᠠᠶᠠᠯᠠᠯ ᠤᠨ ᠲᠠᠮᠢᠷ ᠤᠨ ᠬᠥᠳᠡᠯᠭᠡᠭᠡᠨ᠂ ᠠᠭᠠᠷ ᠤᠨ ᠠᠶᠠᠯᠠᠯ ᠤᠨ ᠦᠵᠡᠭᠦᠯᠭᠡ᠂ ᠠᠭᠠᠷ ᠤᠨ ᠠᠶᠠᠯᠠᠯ ᠤᠨ ᠭᠡᠷᠡᠯ | ᠵᠢᠷᠤᠭ ᠪᠠ ᠳᠦᠷᠰᠦ ᠰᠢᠩᠭᠡᠭᠡᠯᠲᠡ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠬᠠᠩᠭᠠᠬᠤ ᠴᠢᠳᠠᠪᠤᠷᠢ ᠪᠠᠭᠲᠠᠨ᠎ᠠ᠃ | ︵ᠨᠢᠭᠡ︶ ᠳᠣᠣᠷ᠎ᠠ ᠠᠭᠠᠷ + ᠰᠣᠶᠣᠯ ᠵᠢᠭᠤᠯᠴᠢᠯᠠᠯ᠃ ᠥᠷᠭᠡᠨ ᠲᠠᠯ᠎ᠠ ᠨᠤᠲᠤᠭ᠂ ᠭᠦᠨ ᠣᠶ ᠰᠢᠭᠤᠢ᠂ | ᠨᠡᠯᠦᠭᠡᠷ ᠭᠤᠣᠯ ᠨᠠᠭᠤᠷ᠂ ᠲᠣᠮᠣ ᠡᠯᠡᠰᠦ ᠮᠠᠩᠬ᠎ᠠ ᠵᠡᠷᠭᠡ ᠠᠮᠢ ᠠᠬᠤᠢ ᠶᠢᠨ ᠡᠬᠢ ᠪᠠᠶᠠᠯᠢᠭ ᠪᠠ ᠤᠮᠠᠷᠠᠲᠤ ᠬᠢᠯᠢ ᠶᠢᠨ | ᠰᠣᠶᠣᠯ ᠤᠨ ᠡᠬᠢ ᠪᠠᠶᠠᠯᠢᠭ ᠲᠤ ᠲᠦᠰᠢᠭᠯᠡᠵᠦ᠂ ᠳᠣᠣᠷ᠎ᠠ ᠠᠭᠠᠷ ᠤᠨ ᠵᠢᠭᠤᠯᠴᠢᠯᠠᠯ ᠤᠨ ᠱᠤᠭᠤᠮ ᠢ ᠵᠢᠷᠤᠭᠯᠠᠨ | ᠲᠥᠯᠥᠪᠯᠡᠵᠦ᠂ ᠳᠣᠣᠷ᠎ᠠ ᠠᠭᠠᠷ ᠤᠨ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠳᠣᠣᠷ᠎ᠠ | ᠠᠭᠠᠷ ᠤᠨ ᠨᠢᠰᠦᠯᠲᠡ ᠶᠢᠨ ᠬᠤᠸᠠᠷᠠᠨ ᠢ ᠪᠠᠶᠢᠭᠤᠯᠵᠤ᠂ ︽ᠤᠢ ᠰᠢᠭᠤᠢ ᠪᠠᠷ ᠳᠡᠭᠦᠯᠢᠬᠦᠢ︾᠂ ︽ᠲᠠᠯ᠎ᠠ | ᠨᠤᠲᠤᠭ ᠢᠶᠠᠷ ᠳᠡᠭᠦᠯᠢᠬᠦᠢ︾᠂ ︽ᠡᠯᠡᠰᠦ ᠮᠠᠩᠬ᠎ᠠ ᠪᠠᠷ ᠳᠡᠭᠦᠯᠢᠬᠦᠢ︾᠂ ︽ᠬᠠᠳᠤᠨ ᠭᠤᠣᠯ ᠢᠶᠠᠷ ᠳᠡᠭᠦᠯᠢᠬᠦᠢ︾᠂ | ︽ᠤᠷᠳᠤ ᠴᠠᠭᠠᠨ ᠬᠡᠷᠡᠮ ᠢᠶᠠᠷ ᠳᠡᠭᠦᠯᠢᠬᠦᠢ︾ ᠵᠡᠷᠭᠡ ᠳᠣᠣᠷ᠎ᠠ ᠠᠭᠠᠷ ᠤᠨ ᠰᠣᠶᠣᠯ ᠵᠢᠭᠤᠯᠴᠢᠯᠠᠯ ᠤᠨ ᠠᠶᠠᠯᠠᠯ ᠤᠨ | ᠵᠠᠮ ᠱᠤᠭᠤᠮ ᠤᠨ ᠨᠡᠷᠡᠲᠦ ᠲᠡᠮᠳᠡᠭ ᠢ ᠴᠣᠭᠴᠠᠯᠠᠨ᠎ᠠ᠃ ᠠᠮᠢ ᠠᠬᠤᠢ ᠶᠢᠨ ᠬᠡᠯᠪᠡᠷᠢ ᠪᠦᠬᠦᠢ ᠵᠢᠭᠤᠯᠴᠢᠯᠠᠯ ᠤᠨ | ᠦᠵᠡᠮᠵᠢ ᠶᠢᠨ ᠣᠷᠣᠨ ᠳᠤ ᠠᠭᠠᠷ ᠤᠨ ᠵᠢᠭᠤᠯᠴᠢᠯᠠᠯ᠂ ᠠᠭᠠᠷ ᠤᠨ ᠠᠶᠠᠯᠠᠯ ᠤᠨ ᠲᠠᠮᠢᠷ ᠤᠨ ᠬᠥᠳᠡᠯᠭᠡᠭᠡᠨ᠂ | ᠨᠢᠰᠦᠯᠲᠡ ᠶᠢᠨ ᠪᠠᠶᠠᠳᠠᠨ ᠣᠶᠢᠯᠠᠭᠠᠯᠲᠠ ᠵᠡᠷᠭᠡ ᠳᠣᠣᠷ᠎ᠠ ᠠᠭᠠᠷ ᠤᠨ ᠨᠢᠰᠦᠯᠲᠡ ᠶᠢᠨ ᠵᠢᠭᠤᠯᠴᠢᠯᠠᠯ ᠪᠠ | ᠨᠢᠰᠦᠯᠲᠡ ᠶᠢᠨ ᠲᠤᠨᠨᠯᠠᠯᠲᠠ ᠶᠢᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠬᠢᠩᠭᠠᠨ ᠠᠶᠢᠮᠠᠭ ᠤᠨ ᠠᠭᠠᠷ | ᠭᠠᠵᠠᠷ ᠤᠨ ᠬᠤᠯᠪᠤᠭᠠᠯᠠᠨ ᠬᠥᠳᠡᠯᠦᠯᠴᠡᠭᠰᠡᠨ ᠬᠤᠪᠢᠰᠬᠠᠯᠲᠤ ᠰᠣᠶᠣᠯ ᠤᠨ ᠵᠢᠭᠤᠯᠴᠢᠯᠠᠯ᠂ ᠤᠯᠠᠭᠠᠨᠪᠤᠲᠤᠩ ᠤᠨ | ᠠᠭᠠᠷ ᠤᠨ ᠠᠶᠠᠯᠠᠯ ᠤᠨ ᠵᠢᠭᠤᠯᠴᠢᠯᠠᠯ ᠤᠨ ᠰᠠᠶᠢᠨ ᠰᠠᠶᠢᠬᠠᠨ ᠴᠠᠭ ᠦᠶ᠎ᠡ ᠵᠡᠷᠭᠡ ᠠᠵᠢᠯᠯᠠᠭ᠎ᠠ ᠥᠷᠨᠢᠭᠦᠯᠬᠦ ᠶᠢ | ᠳᠡᠮᠵᠢᠨ᠎ᠡ᠃ | ︵ᠬᠤᠶᠠᠷ︶ ᠳᠣᠣᠷ᠎ᠠ ᠠᠭᠠᠷ + ᠬᠤᠲᠠ ᠶᠢᠨ ᠵᠠᠮ ᠬᠠᠷᠢᠯᠴᠠᠭ᠎ᠠ᠃ ᠬᠤᠲᠠ ᠶᠢᠨ ᠠᠭᠠᠷ ᠤᠨ ᠵᠠᠮ | ᠬᠠᠷᠢᠯᠴᠠᠭᠠᠨ ᠤ ᠬᠦᠷᠢᠶᠡᠨ ᠳᠠᠬᠢ eVTOL ᠤᠨ ᠵᠢᠱᠢᠶ᠎ᠡ ᠦᠵᠡᠭᠦᠯᠦᠨ ᠬᠡᠷᠡᠭᠯᠡᠭᠳᠡᠬᠦ ᠶᠢ ᠠᠬᠢᠭᠤᠯᠵᠤ᠂ | ᠬᠥᠬᠡᠬᠤᠲᠠ ᠪᠤᠭᠤᠲᠤ ᠣᠷᠳᠣᠰ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠲᠤ | ᠤᠷᠢᠳ ᠢᠶᠠᠷ ᠶᠠᠪᠤᠭᠳᠠᠭᠤᠯᠵᠤ ᠤᠷᠢᠳ ᠢᠶᠠᠷ ᠲᠤᠷᠰᠢᠨ᠎ᠠ᠃ ᠨᠥᠬᠦᠴᠡᠯ ᠲᠠᠢ ᠬᠤᠲᠠ ᠶᠢ ᠳᠡᠮᠵᠢᠵᠦ ᠪᠠᠶᠢᠭᠠᠳ | ᠢᠷᠡᠭᠡᠳᠦᠢ ᠶᠢᠨ ᠬᠤᠲᠠ ᠶᠢᠨ ᠠᠭᠠᠷ ᠤᠨ ᠵᠠᠮ ᠬᠠᠷᠢᠯᠴᠠᠭᠠᠨ ᠤ ᠬᠡᠷᠡᠭᠴᠡᠭᠡ ᠳᠤ ᠵᠣᠬᠢᠴᠠᠭᠤᠯᠤᠨ᠂ ᠬᠤᠲᠠ ᠶᠢᠨ | ᠠᠭᠠᠷ ᠤᠨ ᠵᠠᠮ ᠬᠠᠷᠢᠯᠴᠠᠭᠠᠨ ᠤ ᠲᠤᠷᠰᠢᠯᠲᠠ ᠶᠢᠨ ᠴᠡᠭ ᠪᠤᠯᠬᠤ ᠪᠠᠷ ᠢᠳᠡᠪᠬᠢᠲᠡᠢ ᠭᠤᠶᠤᠴᠢᠯᠠᠨ ᠮᠡᠳᠡᠭᠦᠯᠦᠨ᠎ᠡ᠃ | ᠬᠤᠳᠠᠯᠳᠤᠭᠠᠨ ᠤ ᠶᠠᠪᠤᠳᠠᠯ ᠤᠨ ᠶᠠᠪᠤᠵᠤ ᠰᠠᠭᠤᠬᠤ᠂ ᠠᠭᠠᠷ ᠤᠨ ᠭᠠᠳᠤᠯᠤᠭᠤᠷ ᠣᠩᠭᠤᠴᠠ᠂ ᠬᠤᠪᠢ ᠶᠢᠨ | ᠳᠠᠭᠠᠭᠠᠴᠢᠯᠠᠭᠰᠠᠨ ᠨᠢᠰᠬᠡᠯ ᠵᠡᠷᠭᠡ ᠬᠥᠮᠥᠨ ᠲᠡᠭᠡᠭᠡᠪᠦᠷᠢᠯᠡᠬᠦ ᠠᠭᠠᠷ ᠤᠨ ᠵᠠᠮ ᠬᠠᠷᠢᠯᠴᠠᠭᠠᠨ ᠤ ᠰᠢᠨ᠎ᠡ | ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ᠂ ᠠᠮᠢᠳᠤᠯᠢᠭ ᠢᠶᠠᠷ ᠣᠯᠡᠨ ᠶᠠᠩᠵᠤ ᠶᠢᠨ ᠶᠠᠪᠤᠵᠤ ᠰᠠᠭᠤᠬᠤ ᠬᠡᠷᠡᠭᠴᠡᠭᠡ | ᠱᠠᠭᠠᠷᠳᠠᠯᠭ᠎ᠠ ᠶᠢ ᠭᠦᠢᠴᠡᠳ ᠬᠠᠩᠭᠠᠨ᠎ᠠ᠃ | ︵ᠭᠤᠷᠪᠠ︶ ᠳᠣᠣᠷ᠎ᠠ ᠠᠭᠠᠷ + ᠬᠥᠮᠦᠵᠢᠯ ᠪᠣᠯᠪᠠᠰᠤᠷᠠᠯ᠃ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ | ᠠᠭᠠᠷ ᠤᠨ ᠠᠶᠠᠯᠠᠯ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠥᠷᠨᠢᠭᠦᠯᠬᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠨᠤᠭᠤᠳ ᠤᠨ ᠠᠭᠠᠷ ᠤᠨ ᠠᠶᠠᠯᠠᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠯ ᠥᠷᠨᠢᠭᠦᠯᠬᠦ ᠶᠢ ᠳᠡᠮᠵᠢᠵᠦ᠂ ᠳᠣᠣᠷ᠎ᠠ ᠠᠭᠠᠷ ᠤᠨ ᠨᠢᠰᠦᠯᠲᠡ ᠶᠢᠨ ᠮᠡᠷᠭᠡᠵᠢᠯ᠂ ᠳᠣᠣᠷ᠎ᠠ | ᠠᠭᠠᠷ ᠤᠨ ᠢᠨᠵᠧᠨᠧᠷᠢᠩ ᠤᠨ ᠮᠡᠷᠭᠡᠵᠢᠯ᠂ ᠳᠣᠣᠷ᠎ᠠ ᠠᠭᠠᠷ ᠤᠨ ᠠᠵᠢᠯᠯᠠᠭᠠᠨ ᠤ ᠬᠠᠮᠢᠶᠠᠷᠤᠯᠲᠠ᠂ ᠳᠣᠣᠷ᠎ᠠ ᠠᠭᠠᠷ ᠤᠨ | ᠠᠮᠤᠷ ᠲᠦᠪᠰᠢᠨ ᠤ ᠪᠠᠲᠤᠯᠠᠭ᠎ᠠ᠂ ᠳᠣᠣᠷ᠎ᠠ ᠠᠭᠠᠷ ᠤᠨ ᠲᠤᠭ᠎ᠠ ᠪᠠᠷᠢᠮᠲᠠ ᠬᠢᠭᠡᠳ ᠳ᠋ᠢᠵᠢᠲ᠋ᠠᠯ ᠤᠨ ᠮᠡᠳᠡᠭᠡ | ᠵᠠᠩᠭᠢᠴᠢᠯᠠᠯᠲᠠ᠂ ᠳᠣᠣᠷ᠎ᠠ ᠠᠭᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠶᠢ | ᠬᠠᠮᠤᠷᠤᠭᠰᠠᠨ ᠴᠢᠳᠠᠪᠤᠷᠢᠲᠠᠨ ᠢ ᠬᠥᠮᠥᠵᠢᠭᠦᠯᠦᠨ᠎ᠡ᠃ ᠬᠥᠬᠡᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ | ᠰᠢᠯᠢ ᠶᠢᠨ ᠭᠤᠣᠯ ᠠᠶᠢᠮᠠᠭ᠂ ᠣᠷᠳᠣᠰ ᠬᠤᠲᠠ ᠵᠡᠷᠭᠡ ᠭᠠᠵᠠᠷ ᠣᠷᠣᠨ ᠳᠤ ᠣᠳᠣ ᠪᠠᠶᠢᠭ᠎ᠠ ᠨᠢᠰᠬᠡᠯ ᠤᠨ | ᠪᠠᠭᠤᠳᠠᠯ ᠢᠶᠠᠨ ᠠᠰᠢᠭᠯᠠᠨ ᠠᠭᠠᠷ ᠤᠨ ᠠᠶᠠᠯᠠᠯ ᠤᠨ ᠬᠥᠮᠦᠵᠢᠯ ᠪᠣᠯᠪᠠᠰᠤᠷᠠᠯ ᠵᠢᠴᠢ ᠳᠡᠯᠭᠡᠨ ᠦᠵᠡᠭᠦᠯᠬᠦ ᠰᠠᠭᠤᠷᠢᠨ | ᠭᠠᠵᠠᠷ ᠪᠠᠶᠢᠭᠤᠯᠬᠤ ᠪᠠᠷ ᠬᠠᠶᠢᠨ ᠰᠦᠪᠡᠭᠴᠢᠯᠡᠯᠲᠡ ᠬᠢᠵᠦ᠂ ᠨᠢᠰᠦᠯᠲᠡ ᠶᠢᠨ ᠪᠣᠯᠪᠠᠰᠤᠷᠠᠯ᠂ ᠨᠢᠰᠦᠯᠲᠡ ᠶᠢᠨ | ᠵᠢᠯᠣᠭᠤᠴᠢ ᠶᠢᠨ ᠦᠨᠡᠮᠯᠡᠯ ᠭᠠᠷᠳᠠᠬᠤ ᠰᠢᠯᠭᠠᠯᠲᠠ᠂ ᠠᠭᠠᠷ ᠤᠨ ᠨᠢᠰᠦᠭᠦᠷ ᠢ ᠰᠡᠯᠪᠢᠨ ᠵᠠᠰᠠᠬᠤ ᠲᠤᠬᠠᠶᠢᠯᠠᠭᠰᠠᠨ | ᠠᠵᠢᠯ ᠤᠨ ᠪᠣᠯᠪᠠᠰᠤᠷᠠᠯ᠂ ᠵᠢᠯᠣᠭᠤᠴᠢ ᠦᠭᠡᠢ ᠨᠢᠰᠬᠡᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ᠂ | ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠦᠢᠯᠡᠴᠢᠯᠡᠭᠡᠨ ᠢ ᠥᠷᠨᠢᠭᠦᠯᠦᠨ᠎ᠡ᠃ | ︵ᠳᠥᠷᠪᠡ︶ ᠳᠣᠣᠷ᠎ᠠ ᠠᠭᠠᠷ + ᠪᠠᠶᠢᠴᠠᠭᠠᠨ ᠰᠢᠨᠵᠢᠵᠦ ᠲᠤᠷᠰᠢᠨ ᠨᠢᠰᠦᠭᠦᠯᠬᠦ᠃ ᠥᠪᠡᠷᠲᠡᠭᠡᠨ ᠵᠠᠰᠠᠬᠤ | ᠣᠷᠣᠨ ᠤ ᠠᠭᠠᠷ ᠤᠨ ᠣᠷᠣᠨ᠂ ᠴᠠᠬᠢᠯᠭᠠᠨ ᠰᠣᠷᠢᠨᠵᠢᠨᠲᠤ ᠣᠷᠴᠢᠨ ᠲᠣᠭᠤᠷᠢᠨ᠂ ᠨᠡᠶᠢᠳᠡᠮ ᠬᠡᠷᠡᠭᠯᠡᠭᠡᠨ ᠤ | ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯᠲᠠ ᠵᠡᠷᠭᠡ ᠳᠣᠣᠷ᠎ᠠ ᠠᠭᠠᠷ ᠤᠨ ᠠᠵᠤ | ᠠᠬᠤᠢ ᠶᠢᠨ ᠬᠦᠷᠢᠶᠡᠨ ᠤ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠪᠦᠬᠦ ᠤᠯᠤᠰ ᠲᠤ ᠬᠠᠨᠳᠤᠭᠤᠯᠤᠭᠰᠠᠨ | ᠵᠢᠯᠣᠭᠤᠴᠢ ᠦᠭᠡᠢ ᠨᠢᠰᠬᠡᠯ ᠤᠨ ᠳᠣᠣᠷ᠎ᠠ ᠠᠭᠠᠷ ᠤᠨ ᠨᠢᠰᠦᠭᠦᠷ ᠤᠨ ᠲᠤᠷᠰᠢᠨ ᠠᠶᠠᠯᠠᠵᠤ ᠲᠤᠷᠰᠢᠨ ᠨᠢᠰᠬᠦ | ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠥᠬᠡᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ | ᠠᠶᠢᠮᠠᠭ᠂ ᠠᠯᠠᠱᠠ ᠠᠶᠢᠮᠠᠭ ᠵᠡᠷᠭᠡ ᠭᠠᠵᠠᠷ ᠣᠷᠣᠨ ᠤ ᠣᠷᠴᠢᠨ ᠲᠣᠭᠤᠷᠢᠨ ᠤ ᠨᠥᠬᠦᠴᠡᠯ ᠢ ᠠᠭᠤᠳᠠᠯᠵᠤ᠂ ᠳᠣᠣᠷ᠎ᠠ | ᠠᠭᠠᠷ ᠤᠨ ᠨᠢᠰᠦᠯᠲᠡ ᠶᠢ ᠰᠢᠯᠭᠠᠨ ᠰᠣᠷᠢᠬᠤ ᠦᠢᠯᠡᠴᠢᠯᠡᠭᠡᠨ ᠢ ᠥᠷᠨᠢᠭᠦᠯᠦᠨ᠂ ᠤᠯᠤᠰ ᠤᠨ ᠲᠠᠰ ᠤᠨ ᠳᠣᠣᠷ᠎ᠠ | ᠠᠭᠠᠷ ᠤᠨ ᠨᠢᠰᠦᠭᠦᠷ ᠤᠨ ᠰᠢᠯᠭᠠᠨ ᠰᠣᠷᠢᠬᠤ ᠰᠠᠭᠤᠷᠢᠨ ᠭᠠᠵᠠᠷ ᠢ ᠪᠤᠶᠢᠵᠢᠭᠤᠯᠤᠨ᠎ᠠ᠃ | ︵ᠲᠠᠪᠤ︶ ᠳᠣᠣᠷ᠎ᠠ ᠠᠭᠠᠷ + ᠤᠯᠠᠷᠢᠨ ᠡᠭᠦᠰᠬᠦ ᠦᠢᠯᠡᠴᠢᠯᠡᠭᠡ᠃ ᠨᠥᠬᠦᠴᠡᠯ ᠪᠦᠷᠢᠳᠦᠭᠦᠯᠦᠭᠰᠡᠨ ᠨᠡᠶᠢᠳᠡᠮ | ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ᠂ ᠳᠣᠣᠷ᠎ᠠ ᠠᠭᠠᠷ ᠤᠨ ᠡᠵᠡᠩᠨᠡᠨ ᠲᠡᠭᠡᠭᠡᠪᠦᠷᠢᠯᠡᠬᠦ | ᠦᠢᠯᠡᠴᠢᠯᠡᠭᠡᠨ ᠤ ᠠᠵᠤ ᠠᠬᠤᠶᠢᠯᠠᠯ ᠢ ᠵᠣᠷᠢᠭᠵᠢᠭᠤᠯᠤᠨ᠂ ᠳᠣᠣᠷ᠎ᠠ ᠠᠭᠠᠷ ᠤᠨ ᠨᠢᠰᠦᠭᠦᠷ ᠤᠨ ᠰᠡᠯᠪᠢᠭ ᠲᠣᠨᠤᠭ᠂ | ᠮᠠᠰᠢᠨ ᠴᠣᠭᠴᠠ᠂ ᠬᠥᠳᠡᠯᠭᠡᠭᠴᠢ ᠬᠦᠴᠦᠨ ᠤ ᠰᠢᠰᠲ᠋ᠧᠮ ᠵᠡᠷᠭᠡ ᠶᠢ ᠰᠡᠯᠪᠢᠨ ᠵᠠᠰᠠᠬᠤ ᠵᠢᠴᠢ ᠲᠠᠯᠠᠪᠤᠷ ᠭᠠᠵᠠᠷ᠂ | ᠲᠥᠬᠦᠭᠡᠷᠦᠮᠵᠢ ᠪᠠ ᠲᠣᠰᠣ ᠴᠠᠬᠢᠯᠭᠠᠨ ᠬᠠᠩᠭᠠᠬᠤ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ ᠠᠭᠠᠷ ᠤᠨ | ᠠᠶᠠᠯᠠᠯ ᠤᠨ ᠲᠣᠨᠤᠭ ᠲᠥᠬᠦᠭᠡᠷᠦᠮᠵᠢ ᠶᠢ ᠲᠥᠬᠦᠷᠵᠢᠭᠦᠯᠬᠦ᠂ ᠰᠡᠯᠪᠢᠨ ᠵᠠᠰᠠᠵᠤ ᠪᠠᠲᠤᠯᠠᠬᠤ ᠪᠠ ᠳᠣᠣᠷ᠎ᠠ ᠠᠭᠠᠷ ᠤᠨ | ᠪᠡᠯᠡᠳᠬᠡᠮᠵᠢ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠨᠢᠰᠦᠯᠲᠡ ᠶᠢᠨ ᠮᠠᠰᠢᠨ ᠢ ᠨᠠᠶᠢᠳᠠᠨ | ᠬᠠᠮᠢᠶᠠᠷᠤᠭᠤᠯᠬᠤ ᠪᠠ ᠲᠦᠷᠢᠶᠡᠰᠦᠯᠡᠭᠦᠯᠬᠦ ᠦᠢᠯᠡᠴᠢᠯᠡᠭᠡᠨ ᠢ ᠬᠥᠭᠵᠢᠭᠦᠯᠦᠨ᠂ ᠬᠡᠷᠡᠭᠯᠡᠭᠡᠨ ᠠᠴᠠ ᠭᠠᠷᠤᠭᠰᠠᠨ ᠪᠠ | ᠬᠡᠷᠡᠭᠯᠡᠭᠡᠨ ᠠᠴᠠ ᠭᠠᠷᠭᠠᠭᠰᠠᠨ ᠨᠢᠰᠬᠡᠯ ᠢ ᠵᠠᠳᠠᠯᠤᠨ ᠰᠠᠯᠭᠠᠬᠤ ᠲᠤᠬᠠᠶᠢᠯᠠᠭᠰᠠᠨ ᠠᠵᠢᠯ ᠢ ᠥᠷᠭᠡᠵᠢᠭᠦᠯᠵᠦ᠂ ᠳᠣᠣᠷ᠎ᠠ | ᠠᠭᠠᠷ ᠤᠨ ᠠᠶᠠᠯᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 9 ᠳ᠋ᠦ᠋ᠭᠡᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ |