ᠵᠢᠭᠤᠯᠴᠢᠯᠠᠯ ᠤᠨ ᠦᠢᠯᠡᠰ ᠤᠨ ᠰᠢᠨ᠎ᠡ ᠬᠦᠳᠡᠯᠭᠡᠬᠦ ᠬᠦᠴᠦᠨ ᠢ ᠬᠦᠭᠵᠢᠬᠡᠨ᠎ᠠ
ᠨᠡᠶᠢᠲᠡᠯᠡᠭᠰᠡᠨ ᠴᠠᠭ᠄
2024/10/30
     ᠤᠶᠢᠷ᠎ᠠ ᠶᠢᠨ ᠵᠢᠯ᠂ ᠪᠠᠷᠠᠭᠤᠨ ᠦᠵᠦᠮᠦᠴᠢᠨ ᠬᠤᠰᠢᠭᠤ ᠰᠤᠶᠤᠯ ᠢᠶᠠᠷ ᠵᠢᠭᠤᠯᠴᠢᠯᠠᠯ ᠢ ᠱᠤᠭᠤᠵᠦ᠂ ᠵᠢᠭᠤᠯᠴᠢᠯᠠᠯ ᠢᠶᠠᠷ ᠰᠤᠶᠤᠯ ᠢ ᠲᠤᠪᠤᠶᠢᠯᠭᠠᠬᠤ ᠶᠢ ᠪᠠᠷᠢᠮᠳᠠᠯᠠᠨ᠂ ︽ᠲᠤᠮᠤ ᠵᠢᠭᠤᠯᠴᠢᠯᠠᠯ︾  ᠤᠨ ᠦᠵᠡᠯᠳᠡ ᠶᠢ ᠪᠤᠢ ᠪᠤᠯᠭᠠᠵᠦ᠂ ᠵᠢᠭᠤᠯᠴᠢᠯᠠᠯ ᠤᠨ ᠬᠦᠭᠵᠢᠯᠲᠠ ᠶᠢᠨ ᠶᠠᠰᠤ ᠴᠢᠨᠠᠷ ᠢ ᠲᠡᠭᠡᠭᠰᠢᠯᠡᠬᠦᠯᠦᠨ ᠦᠷ᠎ᠠ ᠠᠰᠢᠭ ᠢ ᠨᠡᠮᠡᠭᠳᠡᠬᠦᠯᠬᠦ ᠶᠢ ᠠᠬᠢᠭᠤᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠤᠭᠰᠠᠨ ᠪᠦᠬᠡᠳ ᠮᠠᠰᠢ ᠰᠠᠶᠢᠨ ᠦᠷ᠎ᠠ ᠪᠦᠲᠦᠮᠵᠢ ᠤᠯᠤᠭᠰᠠᠨ ᠪᠠᠶᠢᠨ᠎ᠠ᠃      ᠵᠢᠭᠤᠯᠴᠢᠯᠠᠯ ᠤᠨ ᠦᠵᠡᠮᠵᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠠᠷᠠᠭᠤᠨ ᠦᠵᠦᠮᠦᠴᠢᠨ ᠬᠤᠰᠢᠭᠤ ᠨᠢ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢ ᠲᠡᠰ ᠲᠡᠪᠰᠢᠬᠦᠯᠬᠦ ᠶᠢ ᠪᠡᠶᠡᠯᠡᠬᠦᠯᠵᠤ᠂ ᠰᠡᠷᠬᠦᠯᠡᠩ ᠬᠠᠷᠠᠭᠠᠲᠤ ᠦᠵᠡᠮᠵᠢ ᠶᠢᠨ ᠴᠡᠭ ᠤᠨ ᠮᠤᠲᠤᠨ ᠬᠦᠬᠦᠷᠭᠡ ᠶᠢᠨ ᠵᠠᠮ ᠵᠢᠴᠢ ᠲᠡᠷᠭᠡᠨ ᠵᠤᠭᠰᠤᠭᠠᠯ᠂ ᠬᠠᠪᠴᠢᠭᠠᠢ ᠵᠢᠭᠤᠯᠴᠢᠯᠠᠭᠰᠠᠳ ᠤᠨ ᠦᠢᠯᠡᠴᠢᠯᠡᠬᠡᠨ ᠤ ᠲᠦᠪ ᠢ ᠨᠢᠬᠡᠨᠳᠡ ᠪᠠᠶᠢᠭᠤᠯᠵᠦ ᠲᠠᠭᠤᠰᠬᠠᠵᠦ᠂ ᠲᠠᠯ᠎ᠠ ᠨᠤᠲᠤᠭ ᠤᠨ ︽99 ᠨᠤᠮᠧᠷᠲᠤ ᠵᠠᠰᠠᠮᠠᠯ ᠵᠠᠮ︾  ᠤᠨ ᠡᠬᠢᠯᠡᠯᠳᠡ ᠶᠢᠨ ᠴᠡᠭ ᠤᠨ ᠵᠢᠭᠤᠯᠴᠢᠯᠠᠭᠰᠠᠳ ᠤᠨ ᠦᠢᠯᠡᠴᠢᠯᠡᠬᠡᠨ ᠤ ᠲᠦᠪ ᠢ ᠵᠢᠱᠢᠯᠲᠠ ᠪᠠᠷ 10 ᠰᠠᠷ᠎ᠠ ᠶᠢᠨ ᠰᠡᠬᠦᠯᠴᠢ ᠪᠠᠷ ᠠᠰᠢᠭᠯᠠᠯᠳᠠ  ᠳᠤ  ᠤᠷᠤᠭᠤᠯᠬᠤ  ᠪᠤᠯᠤᠨ᠎ᠠ᠃ ᠡᠳᠡᠭᠡᠷ ᠰᠠᠭᠤᠷᠢ ᠲᠦᠭᠦᠭᠡᠷᠦᠮᠵᠢ ᠶᠢᠨ ᠲᠡᠬᠦᠯᠳᠡᠷᠵᠢᠯ ᠨᠢ ᠵᠤᠭᠠᠴᠠᠭᠰᠠᠳ ᠲᠤ ᠨᠡᠩ ᠰᠠᠶᠢᠨ ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠪᠤᠯᠤᠨ᠎ᠠ᠃      ᠭᠠᠳᠠᠭᠰᠢ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ︽ᠪᠠᠭ᠋ᠠᠷᠤᠮ᠎ᠠ  ᠰᠠᠶᠢᠬᠠᠨ  ᠪᠠᠷᠠᠭᠤᠨ  ᠦᠵᠦᠮᠦᠴᠢᠨ︾ ᠴᠤᠤᠷᠢᠶ᠎ᠡ ᠲᠠᠪᠴᠠᠩ ᠲᠡᠭᠡᠷ᠎ᠡ 197 ᠪᠦᠲᠤᠭᠡᠯ ᠢ ᠨᠡᠶᠢᠳᠡᠯᠡᠵᠦ᠂ ᠸᠢᠳᠢᠣ᠋ ᠳ᠋ᠤᠭᠠᠷ ᠲᠤ 205 ᠪᠦᠲᠦᠭᠡᠯ ᠢ ᠨᠡᠶᠢᠳᠡᠯᠡᠵᠦ᠂ ᠸᠢᠴᠠᠲ ᠤᠨ ᠨᠡᠶᠢᠳᠡ ᠶᠢᠨ ᠳ᠋ᠤᠭᠠᠷ ᠲᠤ 120 ᠭᠠᠷᠤᠢ ᠪᠦᠲᠦᠭᠡᠯ ᠢ ᠨᠡᠶᠢᠳᠡᠯᠡᠵᠦ᠂ 11 ᠬᠤᠲᠠ ᠤᠷᠤᠨ ᠳᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠢ 14 ᠲᠠᠯᠠᠪᠤᠷ᠂ ᠲᠤᠰ ᠭᠠᠵᠠᠷ ᠤᠷᠤᠨ ᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠢ 2 ᠲᠠᠯᠠᠪᠤᠷ ᠡᠷᠬᠢᠯᠡᠵᠦ᠂ ᠮᠠᠰᠢ ᠤᠯᠠᠨ ᠵᠢᠭᠤᠯᠴᠢᠯᠠᠯ ᠤᠨ ᠪᠦᠯᠬᠦᠮ ᠢ ᠲᠠᠲᠠᠨ ᠤᠷᠤᠭᠤᠯᠵᠦ᠂ ᠨᠡᠶᠢᠳᠡ 2000 ᠭᠠᠷᠤᠢ ᠬᠦᠮᠦᠨ ᠤᠳᠠᠭ᠎ᠠ ᠤᠷᠢᠵᠦ᠂ ᠰᠦᠯᠵᠢᠶᠡᠨ ᠲᠡᠭᠡᠷᠡᠬᠢ ᠪᠡ ᠰᠦᠯᠵᠢᠶᠡᠨ ᠭᠠᠳᠠᠨᠠᠬᠢ ᠤᠬᠠᠭᠤᠯᠭ᠎ᠠ ᠲᠡᠯᠬᠡᠷᠡᠬᠦᠯᠦᠯᠲᠡ ᠶᠢᠨ ᠦᠷ᠎ᠡ ᠪᠦᠲᠦᠮᠵᠢ ᠮᠡᠳᠡᠭᠳᠡᠮ᠎ᠡ ᠲᠡᠭᠡᠭᠰᠢᠯᠡᠪᠡ᠃      ᠪᠦᠬᠦ ᠬᠤᠰᠢᠭᠤᠨ ᠤ ᠬᠦᠳᠡᠭᠡ ᠲᠤᠰᠬᠤᠨ ᠤ ᠵᠢᠭᠤᠯᠴᠢᠯᠠᠯ ᠤᠨ ᠪᠤᠯᠪᠠᠰᠤᠷᠠᠯ ᠤᠨ ᠠᠩᠬᠢ᠂ ᠰᠤᠶᠤᠯ ᠤᠨ ᠡᠬᠦᠳᠦᠯᠳᠡ ᠶᠢᠨ ᠪᠦᠲᠦᠭᠡᠭᠳᠡᠬᠦᠨ ᠤ ᠤᠷᠤᠯᠳᠤᠭᠠᠨ ᠵᠡᠷᠭᠡ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠦ᠂ ︽ᠵᠢᠭᠤᠯᠴᠢᠯᠠᠯ ᠤᠨ ᠠᠷᠪᠠᠨ ᠵᠤᠷᠪᠤᠰ︾  ᠤᠨ ᠲᠦᠷᠦ ᠶᠢᠨ ᠪᠤᠳᠤᠯᠭ᠎ᠠ ᠶᠢ ᠰᠢᠨᠡᠳᠭᠡᠭᠰᠡᠨ ᠪᠦᠬᠡᠳ ᠱᠠᠩᠨᠠᠯ ᠤᠨ ᠪᠡᠯᠡ ᠮᠦᠩᠬᠦ ᠶᠢ 236 ᠲᠦᠮᠡᠨ ᠲᠦᠭᠦᠷᠢᠭ ᠪᠤᠯᠭᠠᠨ᠂ ᠪᠦᠬᠦ ᠠᠶᠢᠮᠠᠭ ᠤᠨ ᠵᠢᠭᠤᠯᠴᠢᠯᠠᠯ ᠤᠨ ᠠᠵᠢᠯᠳᠠᠨ ᠤ ᠮᠡᠷᠭᠡᠵᠢᠯ ᠴᠢᠳᠡᠪᠤᠷᠢ ᠶᠢᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠤᠯᠵᠦ᠂ ᠰᠤᠶᠤᠯ ᠵᠢᠭᠤᠯᠴᠢᠯᠠᠯ ᠤᠨ ᠦᠢᠯᠡᠴᠢᠯᠡᠬᠡᠨ ᠤ ᠶᠠᠰᠤ ᠴᠢᠨᠠᠷ ᠢ ᠲᠠᠰᠤᠷᠠᠯᠳᠠ ᠦᠬᠡᠢ ᠲᠡᠭᠡᠭᠰᠢᠯᠡᠬᠦᠯᠦᠨ᠂ ᠪᠦᠬᠦ ᠤᠷᠤᠨ ᠤ ᠬᠦᠭᠵᠢᠮ ᠤᠨ ᠤᠷᠤᠯᠳᠤᠭᠠᠨ᠂ ᠪᠦᠬᠦ ᠠᠶᠢᠮᠠᠭ ᠤᠨ ᠮᠤᠩᠭᠤᠯ ᠮᠤᠷᠢᠨ ᠤ ᠬᠤᠯᠪᠤᠭᠠᠲᠤ ᠤᠷᠤᠯᠳᠤᠭᠠᠨ ᠵᠡᠷᠭᠡ 30 ᠭᠠᠷᠤᠢ ᠲᠠᠯᠠᠪᠤᠷ ᠰᠤᠶᠤᠯ ᠲᠠᠮᠢᠷ ᠵᠢᠭᠤᠯᠴᠢᠯᠠᠯ ᠤᠨ ᠠᠵᠢᠯᠯᠠᠭ᠎ᠠ ᠶᠢ ᠦᠷᠨᠢᠬᠦᠯᠵᠦ᠂ ᠵᠢᠭᠤᠯᠴᠢᠯᠠᠭᠰᠠᠳ ᠲᠤ ᠤᠷᠤᠨ ᠨᠤᠲᠤᠭ ᠤᠨ ᠰᠤᠶᠤᠯ ᠢᠷᠭᠡᠨᠰᠢᠯ ᠢ ᠤᠬᠠᠭᠤᠯᠤᠨ ᠲᠠᠨᠢᠯᠴᠠᠭᠤᠯᠤᠭᠰᠠᠨ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤ ᠠᠳᠤᠭᠤᠨ ᠤ ᠠᠵᠦ ᠦᠢᠯᠡᠰ ᠤᠨ ᠬᠦᠭᠵᠢᠯᠲᠠ ᠶᠢᠨ ᠰᠢᠨ᠎ᠠ ᠠᠷᠭ᠎ᠠ ᠵᠠᠮ ᠢ ᠬᠠᠶᠢᠨ ᠰᠦᠪᠡᠭᠴᠢᠯᠡᠵᠦ᠂ ᠠᠵᠦ ᠠᠬᠤᠶᠢᠯᠠᠯ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠤᠭᠳᠠᠵᠦ᠂ 1.5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ ᠦᠵᠦᠮᠦᠴᠢᠨ ᠠᠳᠤᠭᠤᠨ ᠰᠤᠶᠤᠯ ᠤᠨ ᠠᠵᠦ ᠦᠢᠯᠡᠰ ᠤᠨ ᠰᠠᠭᠤᠷᠢᠨ ᠢ ᠰᠢᠨ᠎ᠡ ᠪᠠᠷ ᠪᠠᠶᠢᠭᠤᠯᠵᠦ᠂ ᠡᠨᠡ ᠵᠢᠯ ᠤᠨ ᠲᠤᠲᠤᠷ᠎ᠠ ᠠᠰᠢᠭᠯᠠᠯᠳᠠ ᠳᠤ ᠤᠷᠤᠭᠤᠯᠬᠤ ᠪᠠᠷ ᠲᠦᠯᠦᠪᠯᠡᠵᠦ ᠠᠳᠤᠭᠤᠨ ᠤ ᠠᠵᠦ ᠦᠢᠯᠡᠰ ᠤᠨ ᠬᠦᠭᠵᠢᠯᠳᠡ ᠳᠤ ᠰᠢᠨ᠎ᠡ ᠬᠦᠳᠡᠯᠬᠡᠬᠦ ᠬᠦᠴᠦᠨ ᠨᠡᠮᠡᠷᠢᠯᠡᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠡ ᠲᠦᠷᠪᠡᠨ ᠤᠯᠠᠷᠢᠯ ᠤᠨ ᠵᠢᠭᠤᠯᠴᠢᠯᠠᠯ ᠳᠤ ᠰᠠᠭᠤᠷᠢ ᠲᠠᠯᠪᠢᠵᠦ ᠦᠭᠭᠦᠭᠰᠡᠨ ᠪᠠᠶᠢᠨ᠎ᠠ᠃      ᠲᠠᠯ᠎ᠠ ᠨᠤᠲᠤᠭ ᠤᠨ ︽99 ᠨᠤᠮᠧᠷᠲᠤ ᠵᠠᠰᠠᠮᠠᠯ ᠵᠠᠮ ᠤᠨ ᠠᠶᠠᠯᠠᠯ ᠤᠨ ᠱᠤᠭᠤᠮ︾ ᠤᠨ ᠨᠠᠷᠠᠲᠤ ᠳᠡᠮᠳᠡᠭ ᠢ ᠡᠬᠦᠳᠦᠭᠰᠡᠨ ᠠᠴᠠ ᠨᠠᠭᠠᠰᠢ᠂ ᠤᠯᠠᠨ ᠵᠦᠢᠯ ᠤᠨ ᠬᠡᠯᠪᠡᠷᠢ ᠪᠠᠷ ᠤᠬᠠᠭᠤᠯᠤᠨ ᠲᠠᠨᠢᠯᠴᠠᠭᠤᠯᠵᠦ᠂ ᠨᠡᠷᠡᠲᠤ ᠳᠡᠮᠳᠡᠭᠲᠤ ᠶᠢᠨ ᠬᠠᠯᠠᠮᠰᠢᠯ ᠪᠠ ᠦᠨ᠎ᠡ ᠦᠷᠳᠡᠭ ᠢ ᠦᠷᠬᠦᠯᠵᠢᠯᠡᠨ ᠲᠡᠭᠡᠭᠰᠢᠯᠡᠬᠦᠯᠪᠡ᠃ ᠵᠢᠭᠤᠯᠴᠢᠯᠠᠯ ᠤᠨ ᠡᠬᠢ ᠪᠠᠶᠠᠯᠢᠭ ᠢ ᠦᠢ ᠤᠯᠠᠨ ᠨᠡᠷᠡᠲᠤ ᠵᠠᠭᠤᠴᠢᠯᠠᠭᠤᠷ ᠤᠨ ᠬᠢᠨ ᠡᠰᠢᠯᠡᠨ ᠬᠡᠷᠡᠭᠯᠡᠵᠦ᠂ ︽ᠦᠵᠡᠰᠬᠦᠯᠡᠩᠲᠤ ᠰᠠᠶᠢᠬᠠᠨ ᠲᠤᠮᠳᠠᠳᠤ ᠤᠯᠤᠰ︾ ᠪᠤᠯᠤᠩ ᠳᠤ ᠬᠤᠶᠠᠷ ᠤᠳᠠᠭ᠎ᠠ ᠰᠤᠩᠭᠤᠭᠳᠠᠨ ᠤᠷᠤᠵᠦ᠂ ᠵᠢᠭᠤᠯᠴᠢᠯᠠᠯ ᠤᠨ ᠠᠯᠳᠠᠷᠰᠢᠯ ᠢ ᠲᠡᠭᠡᠭᠰᠢᠯᠡᠬᠦᠯᠦᠨ᠂ ᠦᠯᠠᠮᠵᠢ ᠤᠯᠠᠨ ᠵᠢᠭᠤᠯᠴᠢᠯᠠᠭᠰᠠᠳ ᠢ ᠲᠠᠲᠠᠭᠰᠠᠨ ᠪᠠᠶᠢᠨ᠎ᠠ᠃ 7 ᠰᠠᠷ᠎ᠠ ᠶᠢᠨ ᠰᠡᠬᠦᠯᠴᠢ ᠪᠤᠯᠳᠠᠯ᠎ᠠ᠂ ᠪᠦᠬᠦ ᠬᠤᠰᠢᠭᠤᠨ ᠤ ᠬᠦᠯᠢᠶᠡᠨ ᠠᠪᠤᠭᠰᠠᠨ ᠵᠢᠭᠤᠯᠴᠢᠯᠠᠭᠰᠠᠳ ᠤᠨ ᠲᠤᠭ᠎ᠠ 121.3 ᠲᠦᠮᠡᠨ ᠬᠦᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39% ᠪᠠᠷ ᠨᠡᠮᠡᠭᠳᠡᠵᠤ᠂ ᠵᠢᠭᠤᠯᠴᠢᠯᠠᠯ ᠤᠨ ᠤᠷᠤᠯᠭ᠎ᠠ ᠪᠠᠷᠤᠭ 5.33 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33% ᠪᠠᠷ ᠨᠡᠮᠡᠭᠳᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号