ᠵᠠᠩ ᠪᠠᠢ ᠴᠧᠩ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/10/9
     10 ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠠᠶᠢᠮᠠᠭ ᠤᠨ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠳᠤ ᠬᠦᠷᠴᠦ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠤᠪᠠ᠃      ᠵᠠᠩ ᠪᠠᠢ ᠴᠧᠩ ᠠᠶᠢᠮᠠᠭ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠲᠥᠪ ᠲᠤ ᠬᠦᠷᠴᠦ᠂ ᠵᠠᠬᠢᠳᠠᠯ ᠰᠣᠷᠪᠤᠯᠵᠢᠯᠠᠯ ᠤᠨ ᠶᠠᠪᠤᠴᠠ ᠶᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠪᠦᠷᠢᠳᠬᠡᠯ ᠤᠨ ᠡᠬᠡ ᠲᠠᠩᠰᠠ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠠᠵᠢᠯᠲᠠᠳ ᠲᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠨ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠤᠯᠠᠨ ᠲᠦᠮᠡᠨ ᠳᠤ ᠲᠣᠳᠣᠷᠬᠠᠢ ᠶᠠᠷᠢᠵᠤ᠂ ᠤᠯᠠᠨ ᠲᠦᠮᠡᠨ ᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃ ᠳᠠᠷᠠᠭ᠎ᠠ ᠳᠤᠨᠢ᠂ ᠵᠠᠩ ᠪᠠᠢ ᠴᠧᠩ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠤᠨ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠤᠯᠠᠨ ᠲᠦᠮᠡᠨ ᠤ ᠲᠤᠰᠬᠠᠭᠰᠠᠨ ᠬᠤᠯᠪᠣᠭᠳᠠᠯ ᠪᠦᠬᠦᠢ ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠲᠠᠢ ᠰᠶᠢᠳᠪᠦᠷᠢᠯᠡᠬᠦ ᠲᠥᠰᠥᠯ ᠢ ᠰᠤᠳᠤᠯᠤᠨ ᠶᠠᠷᠢᠯᠴᠠᠪᠠ᠃ ᠲᠡᠷᠡ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠰᠶᠢᠳᠪᠦᠷᠢᠯᠡᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠴᠢᠬᠤᠯᠠᠴᠢᠯᠠᠨ᠂ ︽ᠨᠢᠭᠡ ᠬᠦᠰᠡᠯ ᠱᠠᠭᠠᠷᠳᠠᠯᠭ᠎ᠠ︾᠎ ᠶᠢ ᠰᠶᠢᠳᠪᠦᠷᠢᠯᠡᠬᠦ ᠪᠠᠷ ᠳᠠᠮᠵᠢᠭᠤᠯᠤᠨ ︽ᠨᠢᠭᠡ ᠤᠴᠢᠷ ᠶᠠᠪᠤᠳᠠᠯ︾᠎ ᠢ ᠰᠶᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠶᠢᠳᠪᠦᠷᠢᠯᠡᠬᠦ ᠴᠠᠭ ᠤᠨ ᠬᠢᠵᠠᠭᠠᠷ ᠢ ᠴᠢᠩᠭ᠎ᠠ ᠠᠩᠬᠠᠷᠴᠦ᠂ ᠠᠵᠢᠯ ᠤᠨ ᠦᠷ᠎ᠠ ᠪᠦᠳᠦᠮᠵᠢ ᠶᠢ ᠬᠢᠨᠠᠯᠳᠠ ᠲᠠᠯᠪᠢᠵᠦ ᠪᠠᠶᠢᠴᠠᠭᠠᠬᠤ ᠶᠢ ᠴᠢᠩᠭᠠᠳᠬᠠᠨ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠤᠯᠠᠨ ᠲᠦᠮᠡᠨ ᠤ ᠪᠠᠴᠢᠮ ᠬᠦᠴᠢᠷᠲᠡᠯ ᠲᠤᠯᠭᠠᠮ ᠱᠠᠭᠠᠷᠳᠠᠯᠭ᠎ᠠ ᠶᠢ ᠰᠠᠶᠢᠲᠤᠷ ᠰᠶᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                                          
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号