ᠰᠢᠯᠢ ᠶᠢᠨ ᠭᠤᠣᠯ ᠠᠶᠢᠮᠠᠭ ᠨᠡᠶᠢᠯᠡᠭᠦᠯᠵᠦ ᠬᠤᠯᠪᠤᠭᠠᠯᠠᠨ ᠬᠢᠨᠠᠨ ᠵᠥᠪᠰᠢᠶᠡᠷᠡᠬᠦ ᠲᠣᠭᠲᠠᠴᠠ ᠶᠢ ᠪᠦᠷᠢᠨᠰᠢᠭᠦᠯᠵᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/11/14
     ᠣᠶᠢᠷ᠎ᠠ ᠳᠤ᠂ ᠥᠪᠥᠷ ᠮᠣᠩᠭᠤᠯ ᠤᠨ ᠶᠧ ᠲᠠᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠡᠷᠢᠶᠡᠨ ᠬᠤᠳᠠ ᠳᠠᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ᠂ ᠡᠯ᠎ᠡ ᠵᠠᠩᠭᠢᠯᠠᠭ᠎ᠠ ᠶᠢᠨ ᠭᠠᠷᠳᠠᠮ ᠢ ︽ᠨᠡᠶᠢᠯᠡᠭᠦᠯᠵᠦ ᠬᠤᠯᠪᠤᠭᠠᠯᠠᠨ ᠭᠦᠢᠴᠡᠳᠬᠡᠬᠦ︾ ᠶᠢ ᠬᠡᠷᠡᠭᠵᠢᠭᠦᠯᠵᠦ᠂ ᠨᠢᠭᠡ ᠠᠵᠢᠯᠯᠠᠬᠤ ᠡᠳᠦᠷ ᠲᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠣᠯᠭᠤᠬᠤ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠴᠠᠭ ᠢ 1 ᠰᠠᠷ᠎ᠠ ᠪᠣᠭᠤᠨᠢᠰᠬᠠᠪᠠ᠃      ᠣᠶᠢᠷ᠎ᠠ ᠶᠢᠨ ᠵᠢᠯ ᠤᠨ ᠲᠤᠷᠰᠢ᠂ ᠮᠠᠨ ᠤ ᠠᠶᠢᠮᠠᠭ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠪᠥᠬᠦ ᠶᠠᠪᠤᠴᠠ ᠶᠢ ᠨᠡᠶᠢᠯᠡᠭᠦᠯᠵᠦ ᠬᠤᠯᠪᠤᠭᠠᠯᠠᠨ ᠬᠢᠨᠠᠨ ᠵᠥᠪᠰᠢᠶᠡᠷᠡᠬᠦ ᠳᠦᠷᠢᠮ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠬᠤᠯᠪᠣᠭᠳᠠᠭᠰᠠᠨ 10 ᠰᠠᠯᠠᠭ᠎ᠠ ᠮᠥᠴᠢᠷ᠂ 31 ᠬᠢᠨᠠᠨ ᠵᠥᠪᠰᠢᠶᠡᠷᠡᠬᠦ ᠵᠦᠢᠯᠡᠰ ᠢ ᠪᠦᠬᠦᠨ ᠢ ᠨᠡᠶᠢᠯᠡᠭᠦᠯᠵᠦ ᠬᠤᠯᠪᠤᠭᠠᠯᠠᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠪᠡ᠃ ᠡᠨᠡ ᠵᠢᠯ ᠠᠴᠠ ᠨᠠᠭᠠᠰᠢ᠂ ᠪᠥᠬᠦ ᠠᠶᠢᠮᠠᠭ ᠤᠨ 515 ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 100% ᠪᠠᠷ ᠨᠡᠶᠢᠯᠡᠭᠦᠯᠵᠦ ᠬᠤᠯᠪᠤᠭᠠᠯᠠᠨ ᠬᠢᠨᠠᠨ ᠵᠥᠪᠰᠢᠶᠡᠷᠡᠵᠦ᠂ ᠲᠥᠷᠥᠯ ᠵᠦᠢᠯ ᠢ ᠡᠷᠲᠡᠭᠡᠨ ᠪᠦᠲᠦᠭᠡᠨ ᠪᠠᠶᠢᠭᠤᠯᠬᠤ᠂ ᠡᠷᠲᠡᠭᠡᠨ ᠠᠰᠢᠭᠯᠠᠯᠲᠠ ᠳᠤ ᠣᠷᠣᠭᠤᠯᠬᠤ᠂ ᠡᠷᠲᠡᠭᠡᠨ ᠠᠰᠢᠭ ᠭᠦᠷᠳᠡᠭᠦ ᠶᠢ ᠠᠬᠢᠭᠤᠯᠪᠠ᠃      ᠥᠩᠭᠡᠷᠡᠭᠰᠡᠨ ᠤ ᠣᠯᠠᠨ ᠲᠠᠯ᠎ᠠ ᠠᠴᠠ ᠬᠢᠨᠠᠨ ᠵᠥᠪᠰᠢᠶᠡᠷᠡᠬᠦ ᠵᠠᠭᠪᠤᠷ ᠢ ᠬᠤᠪᠢᠷᠠᠭᠤᠯᠵᠦ᠂ ᠠᠵᠤ ᠠᠬᠤᠶᠢᠯᠠᠯ ᠤᠨ ᠤᠴᠢᠷ ᠶᠠᠪᠤᠳᠠᠯ ᠰᠶᠢᠳᠪᠦᠷᠢᠯᠡᠭᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠦᠯᠦᠭᠡ᠂ ᠮᠠᠨ ᠤ ᠠᠶᠢᠮᠠᠭ ᠨᠡᠶᠢᠯᠡᠭᠦᠯᠵᠦ ᠬᠤᠯᠪᠣᠭᠠᠯᠠᠨ ᠬᠢᠨᠠᠨ ᠵᠥᠪᠰᠢᠶᠡᠷᠡᠬᠦ ᠲᠣᠭᠲᠠᠴᠠ ᠶᠢ ᠪᠦᠷᠢᠨᠰᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠱᠠᠲᠤ ᠬᠤᠪᠢᠶᠠᠨ ᠬᠢᠨᠠᠨ ᠵᠥᠪᠰᠢᠶᠡᠷᠡᠬᠦ ᠵᠠᠭᠪᠤᠷ ᠢ ᠭᠡᠷᠡᠭᠵᠢᠭᠦᠯᠦᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠠᠪᠤᠴᠠ ᠶᠢ ᠲᠥᠷᠥᠯ ᠵᠦᠢᠯ ᠲᠣᠭᠲᠠᠨ ᠭᠠᠵᠠᠷ ᠰᠢᠷᠦᠢ ᠶᠢ ᠬᠡᠷᠡᠭᠯᠡᠬᠦ ᠲᠥᠯᠦᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠴᠦ ᠰᠢᠯᠭᠠᠨ ᠠᠪᠬᠤ ᠵᠡᠷᠭᠡ 4 ᠱᠠᠲᠤ ᠬᠤᠪᠢᠶᠠᠵᠤ᠂ ︽ᠨᠢᠭᠡ ᠴᠤᠩᠬᠤ ᠪᠠᠷ ᠭᠥᠯᠢᠶᠡᠨ ᠠᠪᠴᠤ ᠰᠶᠢᠳᠪᠦᠷᠢᠯᠡᠬᠦ᠂ ᠨᠢᠭᠡ ᠡᠷᠦᠬᠡ ᠪᠠᠷ ᠲᠤᠯᠤᠭᠠᠶᠢᠯᠠᠭᠤᠯᠬᠤ᠂ ᠨᠡᠶᠢᠯᠡᠭᠦᠯᠵᠦ ᠬᠤᠯᠪᠤᠭᠠᠯᠠᠨ ᠬᠢᠨᠠᠨ ᠵᠥᠪᠰᠢᠶᠡᠷᠡᠬᠦ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ︾ ᠭᠡᠯᠪᠡᠷᠢ ᠪᠠᠷ᠂ ︽ᠠᠮᠠᠯᠳᠠᠭᠰᠠᠨ ᠢᠶᠠᠨ ᠮᠡᠳᠡᠭᠳᠡᠬᠦ + ᠳᠤᠲᠠᠭᠤ ᠶᠢ ᠭᠥᠯᠢᠶᠡᠨ ᠠᠪᠴᠤ ᠰᠶᠢᠳᠪᠦᠷᠢᠯᠡᠬᠦ + ᠨᠡᠶᠢᠯᠡᠭᠦᠯᠵᠦ ᠬᠤᠯᠪᠤᠭᠠᠯᠠᠨ ᠬᠢᠨᠠᠨ ᠵᠥᠪᠰᠢᠶᠡᠷᠡᠬᠦ︾ ᠠᠷᠭ᠎ᠠ ᠪᠠᠷ ᠠᠵᠤ ᠠᠬᠤᠶᠢᠯᠠᠯ ᠳᠤ ᠪᠥᠬᠦ ᠶᠠᠪᠤᠴᠠ ᠶᠢᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ + ᠤᠷᠢᠳᠴᠢᠯᠠᠨ ᠪᠣᠯᠵᠣᠬᠤ︾ ᠦᠢᠯᠡᠴᠢᠯᠡᠭᠡ ᠬᠠᠩᠭᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ᠮᠠᠨ ᠤ ᠠᠶᠢᠮᠠᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ᠂ ᠬᠤᠲᠠ ᠶᠢᠨ ᠶᠠᠪᠤᠳᠠᠯ ᠤᠨ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠵᠦᠢᠯᠡᠰ ᠢ ᠪᠦᠬᠦᠨ ᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠬᠰᠠᠨ ᠤ ᠬᠠᠮᠲᠤ ᠲᠥᠷᠥᠯ ᠵᠦᠢᠯ ᠢ ᠡᠷᠡᠮᠡᠯᠵᠡᠨ ᠮᠡᠳᠡᠭᠦᠯᠬᠦ ᠦᠢᠯᠡᠴᠢᠯᠡᠭᠡᠨ ᠤ ᠶᠠᠪᠤᠴᠠ ᠶᠢ ᠪᠦᠷᠢᠨᠰᠢᠭᠦᠯᠵᠦ᠂ ︽ᠰᠢᠯᠢ ᠶᠢᠨ ᠭᠤᠣᠯ ᠠᠶᠢᠮᠠᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠶᠢᠨ ᠵᠢᠷᠤᠭ︾  ᠢ ᠵᠠᠰᠠᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠬᠡᠯᠪᠡᠷᠢ ᠳᠤᠨᠢ ᠲᠣᠬᠢᠷᠠᠭᠤᠯᠤᠨ ᠨᠡᠶᠢᠯᠡᠭᠦᠯᠵᠦ ᠬᠤᠯᠪᠤᠭᠠᠯᠠᠨ ᠬᠢᠨᠠᠨ ᠵᠥᠪᠰᠢᠶᠡᠷᠡᠬᠦ ᠶᠠᠪᠤᠴᠠ ᠶᠢ ᠲᠣᠭᠲᠠᠭᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠣᠷᠣᠨ ᠰᠠᠭᠤᠴᠠ᠂ ᠬᠤᠳᠠᠯᠳᠤᠭ᠎ᠠ᠂ ᠠᠵᠤ ᠦᠢᠯᠡᠳᠪᠦᠷᠢ ᠳᠤ ᠬᠡᠷᠡᠭᠯᠡᠬᠦ ᠭᠡᠷ ᠪᠠᠶᠢᠰᠢᠩ ᠵᠡᠷᠭᠡ 15 ᠲᠥᠷᠥᠯ ᠤᠨ ᠬᠢᠨᠠᠨ ᠵᠥᠪᠰᠢᠶᠡᠷᠡᠬᠦ ᠶᠠᠪᠤᠴᠠ ᠶᠢᠨ ᠵᠢᠷᠤᠭ ᠪᠣᠯᠭᠠᠨ ᠨᠠᠷᠢᠯᠢᠭᠵᠢᠭᠤᠯᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠨ᠂ ᠬᠢᠨᠠᠨ ᠵᠥᠪᠰᠢᠶᠡᠷᠡᠬᠦ ᠭᠠᠷᠳᠠᠮ ᠢ ᠳᠥᠭᠦᠮᠴᠢᠯᠡᠵᠦ᠂ ᠲᠥᠷᠥᠯ ᠵᠦᠢᠯ ᠢ ᠮᠡᠳᠡᠭᠦᠯᠦᠨ ᠪᠠᠶᠢᠭᠤᠯᠵᠤ ᠭᠦᠢᠴᠡᠳᠬᠡᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号