ᠱᠠᠩᠬᠠᠢ ᠶᠢᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ᠂ | ᠳᠤᠮᠳᠠᠳᠤ ᠮᠣᠩᠭᠤᠯ ᠤᠨ ᠡᠷᠢᠶᠡᠨ ᠬᠤᠳᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ | ᠣᠷᠣᠨ ᠤ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠱᠠᠩᠬᠠᠢ ᠶᠢᠨ ᠤᠯᠤᠰ ᠤᠨ ᠬᠤᠷᠠᠯ | ᠦᠵᠡᠰᠬᠦᠯᠡᠩ ᠤᠨ ᠲᠥᠪ ᠲᠤ ᠶᠠᠪᠤᠭᠳᠠᠪᠠ᠃ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠣᠩᠭᠤᠯ ᠤᠯᠤᠰ ᠤᠨ ᠵᠠᠮ ᠤᠨ ᠡᠭᠦᠳᠡ ᠶᠢᠨ ᠴᠢᠯᠦᠭᠡᠲᠦ | ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠬᠠᠮᠲᠤᠷᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠮᠣᠩᠭᠤᠯ ᠤᠯᠤᠰ ᠤᠨ ᠳᠡᠳ᠋ ᠶᠡᠷᠦᠩᠬᠡᠢ ᠰᠠᠶᠢᠳ ᠤᠨ ᠠᠯᠪᠠᠨ | ᠲᠢᠩᠬᠢᠮ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠠᠴᠠ ᠪᠤᠳᠠᠳᠠᠢ ᠵᠢᠭᠠᠨ | ᠵᠢᠯᠣᠭᠤᠳᠪᠠ᠃ | ᠲᠣᠰ ᠤᠳᠠᠭᠠᠨ ᠤ ᠬᠤᠷᠠᠯ ᠨᠢ ︽ᠭᠠᠷ ᠭᠠᠷ ᠢᠶᠠᠨ ᠬᠤᠯᠪᠣᠯᠴᠠᠨ ᠬᠠᠮᠲᠤ ᠪᠠᠷ ᠠᠰᠢᠭ ᠭᠥᠷᠳᠡᠵᠦ ᠳᠤᠮᠳᠠᠳᠤ | ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︾ ᠭᠡᠬᠦ ᠪᠠᠷ | ᠭᠤᠣᠯ ᠰᠡᠳᠦᠪ ᠪᠣᠯᠭᠠᠵᠤ᠂ ᠨᠢᠭᠡ ᠴᠣᠭᠴᠠᠵᠢᠭᠤᠯᠤᠨ ᠠᠷᠠᠯᠵᠢᠶᠠᠴᠢᠨ ᠤᠷᠢᠬᠤ ᠶᠢ ᠨᠢᠭᠡᠳᠦᠯᠲᠡᠢ ᠲᠥᠯᠥᠪᠯᠡᠨ | ᠥᠷᠨᠢᠭᠦᠯᠵᠦ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ | ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠪᠠ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠵᠡᠷᠭᠡ ᠶᠢ ᠭᠤᠣᠯᠳᠠᠯᠭ᠎ᠠ ᠲᠠᠢ ᠲᠠᠨᠢᠯᠴᠠᠭᠤᠯᠤᠨ᠂ ᠥᠨᠳᠥᠷ ᠬᠢᠷᠢ | ᠲᠦᠪᠰᠢᠨ ᠪᠦᠬᠦᠢ ᠨᠡᠭᠡᠭᠡᠯᠲᠡᠲᠦ ᠬᠠᠮᠲᠤᠷᠠᠯᠴᠠᠭᠠᠨ ᠤ ᠠᠰᠢᠭ ᠲᠤᠰᠠ ᠶᠢ ᠬᠠᠮᠲᠤ ᠪᠠᠷ ᠡᠳ᠋ᠯᠡᠵᠦ᠂ | ᠬᠠᠮᠲᠤᠷᠠᠯᠴᠠᠭᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠤᠯᠤᠰ ᠤᠨ ᠳᠣᠲᠣᠭᠠᠳᠤ ᠶᠢᠨ | 500 ᠬᠦᠴᠦᠷᠬᠡᠭ ᠠᠵᠤ ᠠᠬᠤᠶᠢᠯᠠᠯ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ᠂ ᠠᠵᠢᠯ | ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢ ᠵᠢᠴᠢ ᠮᠣᠩᠭᠤᠯ ᠤᠯᠤᠰ ᠤᠨ | ᠠᠯᠪᠠᠨ ᠤ ᠲᠠᠯ᠎ᠠ᠂ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ 300 ᠭᠠᠷᠤᠢ ᠬᠥᠮᠥᠨ ᠠᠷᠠᠯᠵᠢᠶᠠᠴᠢᠨ ᠤᠷᠢᠬᠤ | ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠵᠠᠢ᠃ ᠡᠷᠢᠶᠡᠨ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ᠄ ︽ | ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠬᠤᠷᠠᠯᠳᠤᠭᠤᠯᠤᠭᠰᠠᠨ ᠨᠢ ᠭᠠᠳᠠᠭᠠᠳᠤ ᠤᠷᠤᠭᠤᠯᠤᠯᠳᠠ ᠶᠢᠨ | ᠦᠵᠡᠰᠬᠦᠯᠡᠩ ᠤᠨ ᠴᠤᠭᠯᠠᠭᠠᠨ ᠤ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡᠲᠦ ᠲᠠᠪᠴᠠᠩ ᠢ ᠠᠰᠢᠭᠯᠠᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠰᠣᠯᠢᠯᠴᠠᠭᠠᠨ ᠤ ᠬᠥᠭᠦᠷᠭᠡ ᠬᠤᠯᠪᠣᠭᠠᠰᠤ ᠶᠢ ᠪᠠᠶᠢᠭᠤᠯᠬᠤ ᠶᠢᠨ ᠬᠠᠮᠲᠦ | ᠤᠯᠤᠰ ᠤᠨ ᠳᠣᠲᠣᠭᠠᠳᠤ ᠭᠠᠳᠠᠭᠠᠳᠤ ᠳᠤ ᠬᠠᠮᠲᠤᠷᠠᠯᠴᠠᠭᠠᠨ ᠤ ᠣᠷᠣᠨ ᠳᠤ ᠪᠡᠯᠡ ᠣᠷᠣᠭᠤᠯᠬᠤ ᠬᠠᠯᠠᠭᠤᠨ | ᠤᠷᠢᠯᠭ᠎ᠠ ᠶᠢ ᠶᠠᠪᠤᠭᠤᠯᠵᠤ᠂ ᠨᠢᠭᠡ ᠪᠦᠯᠦᠭ ᠴᠢᠨᠠᠷ ᠰᠠᠶᠢᠲᠠᠢ᠂ ᠳᠡᠭᠡᠳᠦ ᠨᠠᠷᠢᠯᠢᠭ ᠣᠷᠦ᠋ᠢᠯᠠᠭᠰᠠᠨ ᠲᠦᠷᠦᠯ ᠵᠦᠢᠯ ᠢ | ᠬᠠᠮᠲᠤᠷᠠᠯᠴᠠᠭᠠᠨ ᠤ ᠣᠷᠣᠨ ᠳᠤ ᠨᠤᠲᠤᠬᠰᠢᠭᠤᠯᠬᠤ ᠶᠢᠨ ᠲᠦᠯᠦᠭᠡ ᠶᠤᠮ︾ ᠭᠡᠵᠦ ᠭᠡᠯᠡᠪᠡ᠃ | ᠥᠪᠥᠷ ᠮᠣᠩᠭᠤᠯ ᠨᠢ ᠳᠤᠮᠳᠠᠳᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤᠪᠴᠢ | ᠪᠣᠯᠤᠭᠰᠠᠨ ᠤ ᠬᠤᠪᠢ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠠ᠂ ᠢᠳᠡᠪᠬᠢᠲᠡᠢ ᠣᠷᠣᠯᠴᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠪᠠᠶᠢᠭᠤᠯᠵᠤ ᠪᠠᠶᠢᠨ᠎ᠠ᠃ ᠳᠤᠮᠳᠠᠳᠤ ᠮᠣᠩᠭᠤᠯ ᠤᠨ ᠡᠷᠢᠶᠡᠨ ᠬᠤᠳᠠ — ᠵᠠᠮ ᠤᠨ | ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠣᠯ ᠳᠤᠮᠳᠠᠳᠤ ᠤᠯᠤᠰ ᠪᠣᠯᠣᠨ ᠬᠥᠷᠰᠢ ᠵᠡᠷᠭᠡᠯᠡᠳᠡᠭᠡ | ᠤᠯᠤᠰ ᠤᠨ ᠬᠠᠮᠲᠤ ᠪᠠᠷ ᠪᠠᠶᠢᠭᠤᠯᠤᠭᠰᠠᠨ ᠭᠤᠷᠪᠠᠳᠤᠭᠠᠷ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠣᠯᠣᠨ᠎ᠠ᠂ | ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠬᠠᠮᠲᠤᠷᠠᠯᠴᠠᠭᠠᠨ ᠤ ᠠᠯᠤᠰ ᠢᠷᠡᠭᠡᠳᠦᠢ ᠥᠷᠭᠡᠨ ᠠᠭᠤᠳᠠᠮ | ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠠ᠂ ᠰᠢᠨ᠎ᠡ ᠠᠵᠠ ᠲᠣᠬᠢᠶᠠᠯ ᠣᠯᠭᠤᠵᠠᠢ᠃ | ᠲᠤᠰ ᠤᠳᠠᠭᠠᠨ ᠤ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠨᠡᠶᠢᠲᠡ 40.37 | ᠳ᠋ᠦᠩᠰᠢᠭᠤᠷ ᠲᠥᠭᠦᠷᠢᠭ ᠤᠨ ᠬᠡᠯᠡᠯᠴᠡᠭᠡᠷ ᠲᠤᠬᠲᠠᠪᠠ᠃ ᠡᠭᠦᠨ ᠳᠤ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠶᠤᠸᠠᠨ ᠵᠢᠩ ᠡᠨᠧᠷᠭᠢ᠂ ᠰᠢᠨᠵᠢᠶᠠᠩ ᠤᠨ ᠬᠤᠩ ᠯᠢᠶᠠᠨ ᠵᠡᠷᠭᠡ 6 ᠠᠵᠤ ᠠᠬᠤᠶᠢᠯᠠᠯ ᠲᠠᠢ ᠲᠥᠷᠥᠯ | ᠵᠦᠢᠯ ᠤᠨ ᠪᠣᠷᠣ ᠲᠥᠯᠥᠪ ᠤᠨ ᠬᠡᠯᠡᠯᠴᠡᠭᠡᠷ ᠲᠣᠭᠲᠠᠵᠤ᠂ ᠠᠭᠤᠷᠬᠠᠢ ᠶᠢᠨ ᠭᠠᠷᠤᠯᠲᠠ ᠶᠢ ᠨᠠᠷᠢᠯᠢᠭ | ᠪᠣᠯᠪᠠᠰᠤᠷᠠᠭᠤᠯᠬᠤ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠰᠢᠨ᠎ᠡ ᠡᠨᠧᠷᠭᠢ᠂ ᠰᠣᠶᠣᠯ | ᠵᠢᠭᠤᠯᠴᠢᠯᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠵᠡᠷᠭᠡ ᠬᠦᠷᠢᠶ᠎ᠡ ᠶᠢ | ᠬᠠᠮᠤᠷᠴᠤ᠂ ᠲᠥᠷᠥᠯ ᠵᠦᠢᠯ ᠤᠨ ᠬᠡᠯᠡᠯᠴᠡᠭᠡᠷ ᠤᠨ ᠵᠤᠭᠤᠰ ᠤᠨ ᠲᠤᠭ᠎ᠠ 20.12 ᠳ᠋ᠦᠩᠰᠢᠭᠤᠷ ᠲᠥᠭᠦᠷᠢᠭ ᠲᠤ | ᠬᠦᠷᠪᠡ᠃ ᠡᠷᠢᠶᠡᠨ ᠬᠤᠲᠠ ᠶᠢᠨ ᠰᠢᠨ ᠱᠧᠩ ᠲᠠᠢ᠂ ᠪᠠᠢ ᠾᠦᠢ ᠶᠤᠸᠠᠨ ᠵᠡᠷᠭᠡ ᠤᠯᠤᠰ ᠤᠨ ᠳᠣᠲᠣᠭᠠᠳᠤ ᠶᠢᠨ 6 | ᠠᠵᠤ ᠠᠬᠤᠶᠢᠯᠠᠯ ᠮᠣᠩᠭᠤᠯ ᠤᠯᠤᠰ ᠤᠨ ᠳᠠᠷᠬᠠᠨ ᠤ ᠪᠣᠯᠣᠳ ᠲᠡᠮᠦᠷ ᠤᠨ ᠦᠢᠯᠡᠳᠪᠦᠷᠢ ᠵᠡᠷᠭᠡ 6 ᠺᠣᠮᠫᠠᠨᠢ ᠲᠠᠢ | ᠲᠣᠰ ᠲᠣᠰ 6 ᠬᠤᠪᠢ ᠭᠠᠳᠠᠭᠠᠳᠤ ᠠᠷᠠᠯᠵᠢᠶᠠᠨ ᠤ ᠵᠠᠬᠢᠶᠠᠯᠠᠭ᠎ᠠ ᠲᠤᠬᠲᠠᠵᠦ᠂ ᠵᠠᠬᠢᠶᠠᠯᠠᠭ᠎ᠠ ᠶᠢᠨ ᠪᠡᠯᠡ ᠮᠥᠩᠭᠦ 20. | 25 ᠳ᠋ᠦᠩᠰᠢᠭᠤᠷ ᠲᠥᠭᠦᠷᠢᠭ ᠲᠤ ᠬᠦᠷᠴᠡᠢ᠃ | |