ᠲᠦᠷᠦᠭᠦᠭᠡᠨ᠂ ᠬᠥᠬᠡᠬᠤᠲᠠ ᠭᠢᠯᠢ ᠶᠢᠨ ᠪᠣᠭᠤᠮᠲᠠ ᠶᠢᠨ ᠬᠠᠷᠢᠶᠠᠨ ᠳᠠᠬᠢ ᠵᠡᠭᠦᠨ ᠦᠵᠦᠮᠦᠴᠢᠨ ᠬᠢᠯᠢ ᠶᠢᠨ | ᠪᠣᠭᠤᠮᠲᠠ ᠪᠠᠶᠢᠴᠠᠭᠠᠯᠲᠠ ᠳᠤ ᠬᠢᠷᠢ ᠲᠡᠩᠴᠡᠵᠦ᠂ 18 ᠲᠣᠨ ᠤᠰᠤ ᠦᠭᠡᠢ ᠹᠯᠣᠷᠲᠤ ᠤᠰᠤᠲᠥ᠋ᠷᠥᠭᠴᠢ | ᠰᠠᠪᠠᠯᠠᠬᠰᠠᠨ ᠲᠡᠷᠭᠡ ᠪᠠᠷᠠᠭᠤᠨ ᠦᠵᠦᠮᠦᠴᠢᠨ ᠬᠤᠰᠢᠭᠤᠨ ᠠᠴᠠ ᠳ᠋ᠠᠯᠢᠶᠠᠨ ᠭᠠᠷᠠᠮ ᠤᠨ ᠳ᠋ᠠ ᠶᠣᠣ ᠸᠠᠨ ᠭᠠᠷᠠᠮ ᠤᠨ | ᠲᠣᠭᠤᠷᠢᠭ ᠲᠤ ᠬᠦᠷᠴᠦ᠂ ᠲᠠᠭᠢᠨ 18 ᠲᠣᠨ ᠤᠰᠤ ᠦᠭᠡᠢ ᠹᠯᠣᠷᠲᠤ ᠤᠰᠤᠲᠥ᠋ᠷᠥᠭᠴᠢ ᠶᠢ ᠺᠣᠷᠢᠶᠠ ᠳᠤ | ᠶᠠᠪᠤᠭᠤᠯᠪᠠ᠂ ᠡᠨᠡ ᠪᠣᠯ ᠵᠡᠭᠦᠨ ᠦᠵᠦᠮᠦᠴᠢᠨ ᠭᠢᠯᠢ ᠶᠢᠨ ᠪᠣᠭᠤᠮᠲᠠ ᠶᠢᠨ ᠬᠠᠷᠢᠶ᠎ᠠ ᠲᠣᠭᠤᠷᠢᠭ ᠤᠨ ᠬᠢᠨ ᠠᠩᠬ᠎ᠠ | ᠤᠳᠠᠭ᠎ᠠ ᠠᠶᠤᠯᠲᠠᠢ ᠬᠢᠮᠢ ᠶᠢᠨ ᠪᠣᠳᠠᠰ ᠢ ᠭᠠᠳᠠᠭᠠᠳᠤ ᠳᠤ ᠭᠠᠷᠭᠠᠵᠤ ᠪᠠᠶᠢᠭ᠎ᠠ ᠶᠠᠪᠤᠳᠠᠯ ᠪᠣᠯᠣᠨ᠎ᠠ᠃ ᠲᠣᠰ | ᠤᠳᠠᠭᠠᠨ ᠤ ᠭᠠᠳᠠᠭᠠᠳᠤ ᠳᠤ ᠭᠠᠷᠭᠠᠬᠤ ᠪᠠᠷ ᠡᠷᠡᠮᠡᠯᠵᠡᠭᠰᠡᠨ ᠤᠰᠤ ᠦᠭᠡᠢ ᠹᠯᠣᠷᠲᠤ ᠤᠰᠤᠲᠥ᠋ᠷᠥᠭᠴᠢ ᠶᠢᠨ | ᠴᠡᠪᠡᠷᠴᠡ ᠨᠢ 99.99% ᠪᠠᠶᠢᠵᠤ᠂ ᠥᠨᠳᠥᠷ ᠴᠡᠪᠡᠷᠴᠡ ᠲᠠᠢ ᠹᠯᠣᠷᠲᠤ ᠤᠰᠤᠲᠥ᠋ᠷᠥᠭᠴᠢ ᠶᠢ ᠭᠤᠣᠯᠳᠠᠭᠤ ᠴᠠᠬᠢᠮ | ᠢᠯᠲᠠᠰᠤ᠂ ᠰᠢᠩᠭᠡᠨ ᠲᠠᠯᠠᠰᠲᠤ ᠬᠠᠪᠲᠠᠰᠤ ᠵᠡᠷᠭᠡ ᠠᠵᠢᠯ ᠲᠥᠷᠥᠯ ᠤᠨ ᠤᠬᠢᠶᠠᠨ ᠴᠡᠪᠡᠷᠯᠡᠬᠦ᠂ ᠢᠳᠡᠭᠳᠡᠭᠦᠯᠦᠨ | ᠰᠡᠶᠢᠯᠬᠦ ᠵᠡᠷᠭᠡ ᠳᠤ ᠬᠡᠷᠡᠭᠯᠡᠵᠦ᠂ ᠪᠢᠴᠢᠯ ᠡᠯᠧᠺᠲᠷᠤᠨ ᠤ ᠠᠵᠢᠯ ᠲᠥᠷᠥᠯ ᠤᠨ ᠦᠢᠯᠡᠳᠬᠡᠯ ᠤᠨ ᠶᠠᠪᠤᠴᠠ ᠳᠠᠬᠢ | ᠵᠠᠩᠭᠢᠯᠠᠭ᠎ᠠ ᠶᠢᠨ ᠴᠢᠨᠠᠷᠲᠠᠢ ᠰᠠᠭᠤᠷᠢ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠤᠨ ᠨᠢᠭᠡ ᠪᠣᠯᠣᠨ᠎ᠠ᠃ | ︽ᠪᠢᠳᠡ ᠺᠣᠷᠢᠶᠠ ᠳᠤ ᠤᠰᠤᠲᠥ᠋ᠷᠥᠭᠴᠢ ᠹᠯᠣᠷ ᠬᠦᠴᠢᠯ ᠭᠠᠷᠭᠠᠬᠤ ᠰᠠᠨᠠᠭ᠎ᠠ ᠲᠠᠢ᠂ ᠭᠠᠷ ᠭᠦᠢᠴᠡᠳᠬᠡᠯ ᠢ | ᠬᠡᠷᠬᠢᠨ ᠬᠢᠬᠦ ᠪᠤᠶ︖︾᠂ ︽ᠭᠠᠷᠠᠮ ᠳᠤ ᠪᠠᠶᠢᠭ᠎ᠠ ᠬᠠᠳᠠᠭᠠᠯᠠᠮᠵᠢ ᠶᠢᠨ ᠰᠠᠪᠠ ᠶᠢᠨ ᠬᠤᠭᠤᠴᠠᠭ᠎ᠠ ᠲᠤᠯᠬᠤ ᠭᠡᠵᠦ | ᠪᠠᠶᠢᠨ᠎ᠠ᠂ ᠬᠤᠭᠤᠴᠠᠭ᠎ᠠ ᠶᠢ ᠤᠷᠲᠤᠳᠬᠠᠬᠤ ᠳᠤ ᠶᠡᠭᠡ ᠬᠡᠮᠵᠢᠶᠡᠨ ᠤ ᠵᠠᠷᠤᠳᠠᠯ ᠪᠠ ᠴᠠᠭ ᠬᠡᠷᠡᠭᠰᠡᠨ᠎ᠡ ᠁︾ | ᠭᠡᠵᠦ ᠪᠠᠷᠠᠭᠤᠨ ᠦᠵᠦᠮᠦᠴᠢᠨ ᠬᠤᠰᠢᠭᠤᠨ ᠤ ᠶᠢᠨ ᠲᠢᠶᠠᠨ ᠹᠯᠣᠷ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠠᠢ | ᠬᠠᠷᠢᠭᠤᠴᠠᠯᠭᠠᠲᠤ ᠺᠣᠮᠫᠠᠨᠢ ᠶᠢᠨ ᠳᠠᠭᠠᠭᠠᠮᠠᠯ ᠪᠢᠶᠠᠨ ᠵᠢᠩ ᠨᠠᠨ ᠵᠡᠭᠦᠨ ᠦᠵᠦᠮᠦᠴᠢᠨ ᠭᠢᠯᠢ ᠶᠢᠨ | ᠪᠣᠭᠤᠮᠲᠠ ᠶᠢᠨ ᠬᠢᠨ ᠠᠴᠠ ᠬᠤᠯᠪᠣᠭᠳᠠᠯ ᠪᠦᠬᠦᠢ ᠠᠰᠠᠭᠤᠳᠠᠯ ᠢ ᠠᠰᠠᠭᠤᠨ ᠯᠠᠪᠯᠡᠨᠠ᠃ ᠠᠵᠤ ᠠᠬᠤᠶᠢᠯᠠᠯ ᠤᠨ | ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠵᠡᠭᠦᠨ ᠦᠵᠦᠮᠦᠴᠢᠨ ᠬᠢᠯᠢ ᠶᠢᠨ ᠪᠣᠭᠤᠮᠲᠠ ᠶᠢᠨ ᠬᠢᠨ ᠬᠠᠮᠤᠭ ᠤᠨ | ᠲᠡᠷᠢᠭᠦᠨ ᠳᠤ ᠠᠶᠤᠯᠲᠠᠢ ᠬᠢᠮᠢ ᠶᠢᠨ ᠪᠣᠳᠠᠰ ᠢ ᠭᠠᠳᠠᠭᠠᠳᠤ ᠳᠤ ᠭᠠᠷᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ︽ | ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠬᠡᠷᠡᠭᠵᠢᠭᠦᠯᠦᠨ᠂ ᠲᠤᠬᠠᠶᠢᠯᠠᠭᠰᠠᠨ ᠠᠵᠢᠯ ᠤᠨ | ᠭᠤᠣᠯᠯᠠᠭᠴᠢ ᠬᠦᠴᠦᠨ ᠢ ᠰᠣᠩᠭᠤᠨ ᠲᠣᠮᠢᠯᠠᠵᠤ ᠠᠵᠤ ᠠᠬᠤᠶᠢᠯᠠᠯ ᠳᠤ ᠣᠴᠢᠭᠤᠯᠤᠨ ᠠᠵᠢᠯ ᠵᠣᠯᠭᠠᠭᠤᠯᠵᠤ᠂ | ᠹᠯᠣᠷᠲᠤ ᠤᠰᠤᠲᠥ᠋ᠷᠥᠭᠴᠢ ᠶᠢ ᠭᠠᠳᠠᠭᠠᠳᠤ ᠳᠤ ᠭᠠᠷᠭᠠᠬᠤ ᠶᠢ ᠪᠠᠶᠢᠴᠠᠭᠠᠨ ᠰᠢᠯᠭᠠᠵᠤ ᠪᠣᠭᠤᠮᠲᠠ ᠪᠠᠷ ᠥᠩᠭᠡᠷᠡᠭᠦᠯᠬᠦ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ ᠬᠢᠯᠭᠡᠨ᠂ ᠠᠵᠤ ᠠᠬᠤᠶᠢᠯᠠᠯ ᠤᠨ ᠵᠢᠷᠤᠮᠵᠢᠯ ᠲᠠᠢ | ᠡᠷᠡᠮᠡᠯᠵᠡᠨ ᠮᠡᠳᠡᠭᠦᠯᠬᠦ ᠶᠢ ᠵᠢᠯᠣᠭᠤᠳᠪᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠪᠠᠷᠠᠭ᠎ᠠ ᠭᠠᠷᠭᠠᠬᠤ | ᠲᠥᠯᠥᠪᠯᠡᠭᠡ ᠶᠢ ᠦᠨᠳᠦᠰᠦᠯᠡᠨ᠂ ︽7 × 24 ᠴᠠᠭ︾ ᠤᠨ ᠪᠥᠬᠦᠯᠢ ᠡᠳᠦᠷ ᠤᠨ ᠤᠷᠢᠳᠴᠢᠯᠠᠨ ᠪᠣᠯᠵᠣᠵᠤ | ᠪᠠᠶᠢᠴᠠᠭᠠᠨ ᠰᠢᠯᠭᠠᠬᠤ ᠦᠢᠯᠡᠴᠢᠯᠡᠭᠡ ᠬᠠᠩᠭᠠᠵᠤ᠂ ᠡᠳ᠋ᠰᠢᠭᠦᠯᠬᠦ ᠶᠠᠪᠤᠴᠠ ᠶᠢ ᠬᠠᠮᠢᠶᠠᠷᠤᠨ ᠡᠵᠡᠮᠳᠡᠬᠦ᠂ ᠦᠢᠯᠡᠳᠬᠦᠨ ᠢ | ᠦᠢᠯᠡᠳᠪᠦᠷᠢ ᠠᠴᠠ ᠭᠠᠷᠭᠠᠬᠤ ᠶᠢ ᠰᠢᠯᠭᠠᠨ ᠪᠠᠶᠢᠴᠠᠭᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠶᠠᠰᠤ ᠴᠢᠨᠠᠷ | ᠠᠮᠣᠷ ᠲᠦᠪᠰᠢᠨ ᠤ ᠡᠵᠡᠮᠳᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠱᠠᠭᠠᠷᠳᠠᠯᠭ᠎ᠠ ᠶᠣᠰᠣᠭᠠᠷ ᠲᠦᠭᠦᠬᠡᠢ | ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠪᠣᠭᠤᠮᠲᠠ ᠶᠢ ᠰᠠᠬᠢᠵᠤ ᠰᠢᠯᠭᠠᠨ ᠠᠪᠬᠤ ᠠᠵᠢᠯ ᠢ ᠰᠠᠶᠢᠲᠤᠷ ᠬᠢᠵᠦ᠂ | ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠵᠤ ᠥᠪᠡᠰᠦᠪᠡᠨ ᠡᠵᠡᠮᠳᠡᠬᠦ ᠴᠢᠳᠠᠪᠤᠷᠢ ᠪᠠ ᠲᠦᠭᠰᠢᠭᠦᠷᠢ ᠶᠢᠨ | ᠤᠬᠠᠮᠰᠠᠷ ᠢ ᠳᠡᠭᠡᠭᠰᠢᠯᠡᠭᠦᠯᠦᠨ᠂ ᠠᠶᠤᠯ ᠤᠨ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠵᠤ᠂ ᠭᠠᠳᠠᠭᠠᠳᠤ ᠳᠤ | ᠭᠠᠷᠭᠠᠬᠤ ᠠᠮᠤᠷ ᠲᠦᠪᠰᠢᠨ ᠢ ᠪᠥᠬᠦ ᠬᠦᠴᠦᠨ ᠢᠶᠠᠷ ᠪᠠᠲᠤᠯᠠᠪᠡ᠃ | ︽ᠲᠤᠰ ᠤᠳᠠᠭ᠎ᠠ ᠢᠢᠨ ᠠᠶᠤᠯᠲᠠᠢ ᠬᠢᠮᠢ ᠢᠢᠨ ᠪᠣᠳᠠᠰ ᠢ ᠭᠠᠳᠠᠭᠠᠳᠤ ᠳᠤ ᠭᠠᠷᠭᠠᠬᠤ ᠳᠤ ᠪᠠᠰᠠ ᠡᠳᠦᠢ | ᠲᠡᠳᠦᠢ ᠵᠢᠵᠢᠭ ᠰᠠᠵᠢᠭ ᠠᠰᠠᠭᠤᠳᠠᠯ ᠲᠤᠬᠢᠶᠠᠯᠳᠤᠬᠰᠠᠨ᠃ ᠪᠠᠶᠢᠴᠠᠭᠠᠨ ᠰᠢᠯᠭᠠᠵᠤ ᠬᠢᠨᠠᠨ ᠬᠠᠮᠢᠶᠠᠷᠬᠤ ᠶᠠᠪᠤᠴᠠ ᠳᠤ᠂ | ᠠᠵᠤ ᠠᠬᠤᠶᠢᠯᠠᠯ ᠤᠨ ᠬᠠᠩᠭᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠨᠢ ᠤᠯᠤᠰ ᠤᠨ ᠬᠠᠮᠤᠭ ᠤᠨ ᠰᠢᠨ᠎ᠡ | ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠬᠤ ᠶᠢ ᠤᠯᠵᠦ ᠢᠯᠡᠷᠡᠭᠦᠯᠦᠨ᠂ ᠲᠡᠷᠡ ᠳᠠᠷᠤᠢ ᠳᠤᠨᠢ ᠠᠵᠤ ᠠᠬᠤᠶᠢᠯᠠᠯ ᠳᠤ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ | ᠤᠷᠤᠭᠰᠢᠲᠠᠢ ᠪᠠᠷ ᠪᠤᠭᠤᠮᠳᠠ ᠦᠡᠭᠭᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠴᠠᠭ᠂ ᠡᠳ᠋ ᠪᠠᠷᠠᠭᠠᠨ ᠤ | ᠭᠦᠢᠯᠭᠡᠭᠡ ᠪᠣᠯᠣᠨ ᠥᠪᠡᠷ ᠤᠨ ᠥᠷᠲᠡᠭ ᠢ ᠨᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠡᠵᠦ ᠦᠭᠪᠡ︾ ᠭᠡᠵᠦ | ᠵᠡᠭᠦᠨ ᠦᠵᠦᠮᠦᠴᠢᠨ ᠬᠢᠯᠢ ᠶᠢᠨ ᠪᠣᠭᠤᠮᠲᠠ ᠶᠢᠨ ᠬᠢᠨᠠᠯᠳᠠ ᠬᠠᠮᠢᠶᠠᠷᠤᠯᠲᠠ ᠶᠢᠨ ᠭᠤᠷᠪᠠᠳᠤᠭᠠᠷ ᠰᠠᠯᠠᠭᠠᠨ ᠤ ᠳᠠᠷᠤᠭ᠎ᠠ | ᠸᠠᠩ ᠭᠤᠸᠠᠩ ᠴᠢᠶᠠᠨ ᠶᠠᠷᠢᠯ᠎ᠠ᠃ | | |